ᠪᠥᠬᠦ ᠬᠤᠲᠠ ᠶᠢᠨ ︽5.1︾ ᠤ ᠬᠥᠳᠡᠯᠮᠦᠷᠢᠴᠢᠳ ᠤᠨ ᠪᠠᠶᠠᠷ ᠵᠢᠴᠢ ᠳᠣᠯᠣᠳᠤᠭᠠᠷ ᠬᠤᠭᠤᠴᠠᠭᠠᠨ ᠤ ᠮᠣᠷᠢᠨ ᠵᠢᠩ ᠤᠨ ᠶᠡᠭᠡ ᠬᠤᠷᠠᠯ ᠤᠨ ᠬᠤᠭᠤᠴᠠᠭᠠᠨ ᠳᠠᠬᠢ ᠦᠨ᠎ᠡ ᠬᠠᠩᠰᠢ ᠶᠢᠨ ᠠᠵᠢᠯᠯᠠᠭ᠎ᠠ ᠵᠢᠴᠢ ᠢᠳᠡᠭᠡᠨ ᠤ ᠠᠮᠤᠷ ᠲᠦᠪᠰᠢᠨ ᠤ ᠰᠠᠨᠠᠭᠤᠯᠤᠮᠵᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/25
     4 ᠰᠠᠷ᠎ᠠ ᠶᠢᠨ 23 ᠤ ᠡᠳᠦᠷ᠂ ᠪᠥᠬᠦ ᠬᠤᠲᠠ ᠶᠢᠨ ︽5.1︾ ᠤ ᠬᠥᠳᠡᠯᠮᠦᠷᠢᠴᠢᠳ ᠤᠨ ᠪᠠᠶᠠᠷ ᠵᠢᠴᠢ ᠳᠣᠯᠣᠳᠤᠭᠠᠷ ᠬᠤᠭᠤᠴᠠᠭᠠᠨ ᠤ ᠮᠣᠷᠢᠨ ᠵᠢᠩ ᠤᠨ ᠶᠡᠭᠡ ᠬᠤᠷᠠᠯ ᠤᠨ ᠬᠤᠭᠤᠴᠠᠭᠠᠨ ᠳᠠᠬᠢ ᠦᠨ᠎ᠡ ᠬᠠᠩᠰᠢ ᠶᠢᠨ ᠠᠵᠢᠯᠯᠠᠭ᠎ᠠ ᠵᠢᠴᠢ ᠢᠳᠡᠭᠡᠨ ᠤ ᠠᠮᠤᠷ ᠲᠦᠪᠰᠢᠨ ᠤ ᠰᠠᠨᠠᠭᠤᠯᠤᠮᠵᠢ ᠶᠢᠨ ᠬᠤᠷᠠᠯ ᠬᠤᠷᠠᠯᠳᠤᠪᠠ᠃      ᠬᠤᠷᠠᠯ ᠠᠴᠠ ︽ᠦᠬᠠᠢ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ︿5·1﹀ ᠤ ᠬᠥᠳᠡᠯᠮᠦᠷᠢᠴᠢᠳ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ᠂ ᠳᠣᠯᠣᠳᠤᠭᠠᠷ ᠬᠤᠭᠤᠴᠠᠭᠠᠨ ᠤ ᠮᠣᠷᠢᠨ ᠵᠢᠩ ᠤᠨ ᠶᠡᠭᠡ ᠬᠤᠷᠠᠯ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠰᠡᠷᠡᠮᠵᠢᠯᠡᠭᠦᠯᠬᠦ ᠪᠢᠴᠢᠭ︾ ᠢ ᠤᠯᠠᠮᠵᠢᠯᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠢᠳᠡᠭᠡᠨ ᠤ ᠠᠮᠤᠷ ᠲᠦᠪᠰᠢᠨ ᠪᠣᠯᠣᠨ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠳᠤ ᠴᠢᠭᠯᠡᠭᠦᠯᠦᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠬᠤᠷᠠᠯ ᠳᠤ ᠣᠷᠣᠯᠴᠠᠭᠰᠠᠨ ᠡᠵᠡᠩᠨᠡᠯᠲᠡ ᠶᠢᠨ ᠨᠢᠭᠡᠴᠡ ᠪᠣᠯᠣᠨ ᠡᠵᠡᠩᠨᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠵᠡᠩᠨᠡᠭᠴᠢᠳ ᠦᠨ᠎ᠡ ᠬᠠᠩᠰᠢ ᠶᠢᠨ ᠳᠦᠷᠦ ᠶᠢᠨ ᠪᠣᠳᠣᠯᠭ᠎ᠠ ᠶᠢ ᠴᠢᠩᠭ᠎ᠠ ᠵᠢᠷᠤᠮᠯᠠᠵᠤ᠂ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ᠂ ᠵᠠᠰᠠᠭ ᠤᠨ ᠣᠷᠳᠣᠨ ᠠᠴᠠ ᠦᠨ᠎ᠡ ᠶᠢ ᠵᠢᠯᠤᠭᠤᠳᠬᠤ ᠶᠢ ᠬᠡᠷᠡᠭᠵᠢᠭᠦᠯᠵᠦ ᠪᠠᠶᠢᠭ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ᠂ ᠵᠠᠰᠠᠭ ᠤᠨ ᠣᠷᠳᠣᠨ ᠠᠴᠠ ᠦᠨ᠎ᠡ ᠶᠢ ᠵᠢᠯᠤᠭᠤᠳᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠢ︔ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ ᠵᠡᠷᠭᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠨᠦᠭᠦᠳ ᠪᠡᠶ᠎ᠡ ᠪᠠᠨ ᠳᠠᠭᠠᠭᠠᠵᠤ ᠦᠨ᠎ᠡ ᠲᠣᠭᠲᠠᠭᠠᠬᠤ ᠡᠷᠬᠡ ᠮᠡᠳᠡᠯ ᠤᠨ ᠬᠡᠪᠴᠢᠶ᠎ᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠰᠥᠯᠪᠡᠭᠡᠯᠳᠦᠨ ᠦᠨ᠎ᠡ ᠥᠰᠬᠡᠬᠦ᠂ ᠪᠠᠷᠠᠭᠠᠨ ᠤ ᠦᠨ᠎ᠡ ᠶᠢ ᠳᠦᠷᠭᠢᠯᠳᠦᠨ ᠥᠰᠬᠡᠬᠦ᠂ ᠦᠨ᠎ᠡ ᠶᠢᠨ ᠭᠠᠳᠠᠨ᠎ᠠ ᠦᠨ᠎ᠡ ᠨᠡᠮᠡᠬᠦ ᠵᠡᠷᠭᠡ ᠵᠦᠢ ᠪᠤᠰᠤ ᠦᠨ᠎ᠡ ᠬᠠᠩᠰᠢ ᠶᠢᠨ ᠦᠶᠯᠡ ᠠᠵᠢᠯᠯᠠᠭ᠎ᠠ ᠶᠢ ᠬᠢᠵᠦ ᠪᠣᠯᠬᠤ ᠦᠭᠡᠢ︔ ᠦᠨ᠎ᠡ ᠬᠠᠩᠰᠢ ᠶᠢᠨ ᠠᠵᠢᠯᠯᠠᠭ᠎ᠠ ᠶᠢ ᠤᠬᠠᠮᠰᠠᠷ ᠠᠴᠠ ᠪᠠᠨ ᠵᠢᠷᠤᠮᠵᠢᠭᠤᠯᠵᠤ᠂ ᠡᠯ᠎ᠡ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠨᠢᠭᠡᠴᠡ ᠨᠦᠭᠦᠳ ᠳᠣᠲᠣᠭᠠᠳᠤ ᠳᠠᠭᠠᠨ ᠦᠨ᠎ᠡ ᠬᠠᠩᠰᠢ ᠶᠢ ᠢᠯᠡ ᠬᠠᠳᠠᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠬᠠᠳᠠᠬᠤ ᠪᠠ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠵᠦ᠂ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ︔ ᠭᠤᠷᠪᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠨᠢ ᠵᠣᠴᠢᠳ ᠤᠨ ᠪᠠᠭᠤᠳᠠᠯ᠂ ᠵᠢᠭᠤᠯᠴᠢᠯᠠᠯ᠂ ᠢᠳᠡᠭᠡᠨ ᠤᠮᠳᠠᠭᠠᠨ ᠤ ᠠᠵᠢᠯ ᠲᠥᠷᠥᠯ ᠤᠨ ᠬᠡᠷᠡᠭᠯᠡᠭᠡᠨ ᠤ ᠪᠠᠶᠢᠳᠠᠯ ᠢ ᠨᠢᠭᠲᠠ ᠠᠩᠬᠠᠷᠴᠤ᠂ ᠰᠠᠨᠠᠭᠤᠯᠵᠤ ᠰᠡᠷᠡᠮᠵᠢᠯᠡᠭᠦᠯᠬᠦ᠂ ᠵᠠᠬ᠎ᠠ ᠳᠡᠯᠭᠡᠭᠦᠷ ᠢ ᠲᠣᠭᠤᠷᠢᠨ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠵᠢᠭᠤᠯᠴᠢᠯᠠᠯ᠂ ᠶᠠᠪᠤᠵᠤ ᠰᠠᠭᠤᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠦᠵᠡᠮᠵᠢ ᠶᠢᠨ ᠣᠷᠣᠨ ᠵᠡᠷᠭᠡ ᠵᠠᠩᠭᠢᠯᠠᠭ᠎ᠠ ᠶᠢᠨ ᠦᠨ᠎ᠡ ᠬᠠᠩᠰᠢ ᠶᠢᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号