ᠦᠬᠠᠢ ᠶᠢᠨ ᠲᠢᠶᠠᠨᠵᠢᠨ ᠪᠣᠭᠤᠮᠲᠠ ᠳᠠᠬᠢ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠤᠬᠠᠭᠤᠯᠭ᠎ᠠ  ᠶᠢᠨ ᠲᠠᠨᠢᠯᠴᠠᠭᠤᠯᠭ᠎ᠠ ᠶᠢᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/4/26
     4 ᠰᠠᠷ᠎ᠠ ᠶᠢᠨ 24 ᠤ ᠡᠳᠦᠷ᠂ ᠦᠬᠠᠢ ᠶᠢᠨ ᠲᠢᠶᠠᠨᠵᠢᠨ ᠪᠣᠭᠤᠮᠲᠠ ᠳᠠᠬᠢ ᠭᠠᠳᠠᠭᠠᠳᠤ ᠠᠷᠠᠯᠵᠢᠶᠠᠨ ᠤ ᠦᠢᠯᠡᠴᠢᠯᠡᠭᠡᠨ ᠤ ᠤᠬᠠᠭᠤᠯᠭ᠎ᠠ ᠶᠢᠨ ᠲᠠᠨᠢᠯᠴᠠᠭᠤᠯᠭ᠎ᠠ ᠶᠢᠨ ᠬᠤᠷᠠᠯ ᠮᠠᠨ ᠤ ᠬᠤᠲᠠ ᠳᠤ ᠶᠠᠪᠤᠭᠳᠠᠪᠠ᠃ ᠲᠢᠶᠠᠨᠵᠢᠨ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠲᠢᠶᠠᠨᠵᠢᠨ ᠳᠤ ᠰᠠᠭᠤᠭ᠎ᠠ ᠣᠨᠴᠠ ᠲᠣᠮᠢᠯᠠᠭᠳᠠᠭᠰᠠᠳ ᠤᠨ ᠬᠡᠷᠡᠭ ᠡᠷᠬᠢᠯᠡᠬᠦ ᠭᠠᠵᠠᠷ ᠵᠡᠷᠭᠡ ᠬᠤᠯᠪᠤᠭᠳᠠᠯ ᠪᠦᠬᠦᠢ ᠪᠠᠶᠢᠭᠤᠯᠭ᠎ᠠ ᠪᠣᠯᠤᠨ ᠮᠠᠨ ᠤ ᠬᠤᠳᠠ ᠶᠢᠨ ᠬᠤᠳᠠ ᠲᠣᠭᠤᠷᠢᠭ ᠬᠤᠶᠠᠷ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ᠂ 13 ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠤᠬᠠᠭᠤᠯᠤᠨ ᠲᠠᠨᠢᠯᠴᠠᠭᠤᠯᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠮᠠᠨ ᠤ ᠬᠤᠲᠠ ᠶᠢᠨ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠢᠴᠢ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠵᠡᠷᠭᠡ ᠪᠠᠶᠢᠳᠠᠯ ᠢᠶᠠᠨ ᠨᠠᠷᠢᠨ ᠲᠠᠨᠢᠯᠴᠠᠭᠤᠯᠪᠡ᠃ ᠲᠢᠶᠠᠨᠵᠢᠨ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠢᠶᠠᠨᠵᠢᠨ ᠭᠠᠷᠠᠮ ᠤᠨ ᠭᠠᠳᠠᠭᠠᠳᠤ ᠠᠷᠠᠯᠵᠢᠶᠠᠨ ᠤ ᠦᠢᠯᠡᠴᠢᠯᠡᠭᠡ ᠶᠢᠨ ᠲᠣᠭᠤᠷᠢᠨ ᠳᠤ ᠤᠬᠠᠭᠤᠯᠤᠨ ᠲᠠᠨᠢᠯᠴᠠᠭᠤᠯᠤᠭᠰᠠᠨ ᠪᠥᠭᠡᠳ ᠮᠠᠨ ᠤ ᠬᠤᠳᠠ ᠶᠢᠨ ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠲᠠᠢ ᠬᠤᠶᠠᠷ ᠲᠠᠯ᠎ᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢᠶᠠᠨ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ ᠢᠶᠠᠨ ᠰᠣᠯᠢᠯᠴᠠᠪᠡ᠃      ᠲᠣᠰ ᠤᠳᠠᠭᠠᠨ ᠤ ᠤᠬᠠᠭᠤᠯᠤᠨ ᠲᠠᠨᠢᠯᠴᠠᠭᠤᠯᠬᠤ ᠬᠤᠷᠠᠯ ᠨᠢ ᠮᠠᠨ ᠤ ᠬᠤᠲᠠ ᠬᠢᠭᠡᠳ ᠲᠢᠶᠠᠨᠵᠢᠨ ᠤ ᠭᠠᠳᠠᠭᠠᠳᠤ ᠠᠷᠠᠯᠵᠢᠶᠠᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠶ ᠬᠥᠭᠵᠢᠯᠲᠡ ᠶᠢ ᠪᠡᠶᠡᠯᠡᠭᠦᠯᠬᠦ ᠶᠢ ᠳᠥᠯᠭᠢᠨ ᠠᠬᠢᠭᠤᠯᠵᠤ᠂ ᠦᠬᠠᠶ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠢᠶᠠᠨᠵᠢᠨ ᠪᠣᠭᠤᠮᠲᠠ ᠳᠤ ᠬᠤᠷᠠᠨ ᠴᠤᠭᠯᠠᠷᠠᠬᠤ᠂ ᠳᠥᠭᠦᠮ ᠳᠥᠲᠡ ᠪᠠᠷ ᠪᠣᠭᠤᠮᠲᠠ ᠥᠩᠭᠡᠷᠡᠬᠦ ᠪᠠ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠳᠤ ᠨᠠᠩ ᠰᠠᠶᠢᠨ ᠦᠢᠯᠡᠴᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠯᠭᠠᠭᠠᠳ ᠮᠠᠨ ᠤ ᠬᠤᠲᠠ ᠲᠢᠶᠠᠨᠵᠢᠨ ᠬᠤᠲᠠ ᠲᠠᠢ ᠦᠷᠭᠦᠯᠵᠢᠯᠡᠨ ᠰᠣᠯᠢᠯᠴᠠᠭ᠎ᠠ ᠨᠡᠪᠲᠡᠷᠡᠯᠴᠡᠭᠡ ᠬᠢᠵᠦ᠂ ᠬᠠᠷᠢᠯᠴᠠᠨ ᠦᠢᠯᠡᠳᠦᠯᠴᠡᠬᠦ ᠲᠠᠪᠴᠠᠩ ᠪᠠᠶᠢᠭᠤᠯᠤᠨ᠂ ᠬᠤᠶᠠᠷ ᠭᠠᠵᠠᠷ ᠤᠨ ᠵᠠᠰᠠᠭ ᠠᠵᠤ ᠠᠬᠤᠶᠢᠯᠠᠯ ᠤᠨ ᠶᠠᠷᠢᠯᠴᠠᠭ᠎ᠠ ᠰᠣᠯᠢᠯᠴᠠᠭ᠎ᠠ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠥᠭᠵᠢᠯᠲᠡ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠠᠷᠢᠯᠴᠠᠨ ᠠᠰᠢᠭ ᠬᠦᠷᠲᠡᠭᠡᠬᠦ ᠣᠯᠠᠨ ᠡᠰᠢᠲᠦ ᠰᠢᠰᠲ᠋ᠧᠮ ᠢ ᠪᠠᠶᠢᠭᠤᠯᠤᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠠᠷᠠᠭᠠᠨ ᠤ ᠬᠦᠢᠯᠭᠡᠭᠡᠨ ᠤ ᠥᠪᠡᠷ ᠤᠨ ᠥᠷᠲᠡᠭ  ᠢᠶᠠᠨ ᠪᠠᠭᠤᠷᠠᠭᠤᠯᠵᠤ᠂ ᠭᠠᠳᠠᠭᠠᠳᠤ ᠠᠷᠠᠯᠵᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号