ᠮᠠᠨ ᠤ ᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠬᠢᠭᠡᠳ ᠬᠤᠯᠪᠣᠭᠳᠠᠯ ᠪᠥᠬᠦᠶ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠤᠨ ᠫᠠᠶᠢᠰᠠ ᠰᠡᠬᠦᠵᠦ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/26
     4 ᠰᠠᠷ᠎ᠠ ᠶᠢᠨ 25 ᠤ ᠡᠳᠦᠷ᠂ ᠮᠠᠨ ᠤ ᠬᠤᠲᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠤᠯᠪᠣᠭᠳᠠᠯ ᠪᠥᠬᠦᠶ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠤᠨ ᠫᠠᠶᠢᠰᠠ ᠰᠡᠬᠦᠵᠦ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠭᠤᠤ ᠪᠥᠸᠧ ᠣᠷᠣᠯᠴᠠᠪᠡ᠃      ᠼᠦᠢ ᠵᠢᠩ ᠶᠢᠩ᠂ ᠭᠤᠤ ᠪᠥᠸᠧ ᠵᠡᠷᠭᠡ ᠬᠤᠲᠠ‌‍ᠶᠢᠨ ᠤᠳᠤᠷᠢᠳᠤᠯᠭ᠎ᠠ ᠪᠣᠯᠤᠨ ᠬᠤᠯᠪᠣᠭᠳᠠᠯ ᠪᠥᠬᠦᠶ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ‌‍ᠤᠨ ᠬᠠᠷᠢᠭᠤᠴᠠᠯᠭᠠᠲᠠᠨ ᠲᠣᠰ ᠲᠣᠰ ︽ᠪᠡᠭᠡᠵᠢᠩ‌‍ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ‌‍ᠶᠢᠨ ᠳᠡᠭᠡᠳᠦ ᠰᠤᠷᠭᠠᠭᠤᠯᠢ ᠶᠢᠨ ᠦᠬᠠᠶ ᠶᠢᠨ ᠰᠤᠳᠤᠯᠭᠠᠨ ᠤ ᠲᠥᠪ︾ ︽ᠢᠨᠵᠧᠨᠧᠷᠢᠩ ᠪᠠ ᠠᠮᠢ ᠠᠬᠤᠶ ᠶᠢᠨ ᠰᠦᠯᠢᠶᠣᠣ ᠶᠢᠨ ᠤᠯᠤᠰ ᠤᠨ ᠢᠨᠵᠧᠨᠧᠷᠢᠩ‌‍ᠤᠨ ᠰᠤᠳᠤᠯᠭᠠᠨ ᠤ ᠲᠥᠪ ᠤᠨ ᠦᠬᠠᠶ ᠳᠠᠬᠢ ᠬᠤᠪᠢᠶᠠᠷᠢ ᠲᠥᠪ︾ ᠪᠠ ︽ᠰᠢᠷᠬᠡᠭᠯᠢᠭ ᠮᠠᠲ᠋ᠧᠷᠢᠶᠠᠯ ᠤᠨ ᠴᠢᠨᠠᠷ ᠢ ᠥᠭᠡᠷᠡᠴᠢᠯᠡᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ︵ᠳ᠋ᠦᠩ ᠬᠤᠸᠠ ᠶᠡᠭᠡ ᠰᠤᠷᠭᠠᠭᠤᠯᠢ︶— ᠥᠪᠥᠷ ᠮᠣᠩᠭᠤᠯ ᠤᠨ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠠᠮᠲᠤᠷᠠᠭᠰᠠᠨ ᠲᠤᠷᠰᠢᠯᠲᠠ ᠶᠢᠨ ᠲᠠᠰᠤᠭ︾ ᠤᠨ ᠫᠠᠶᠢᠰᠠ ᠶᠢ ᠰᠡᠬᠦᠪᠡ᠃ ᠤᠳᠠ ᠲᠣᠭᠤᠷᠢᠭ‌‍ᠤᠨ ᠬᠢᠨ ᠳ᠋ᠠᠯᠢᠶᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠤᠯᠤᠰ‌‍ᠤᠨ ᠭᠤᠣᠯᠳᠠᠯᠭ᠎ᠠ ᠲᠠᠢ ᠲᠤᠷᠰᠢᠯᠲᠠ‌‍ᠶᠢᠨ ᠲᠠᠰᠤᠭ ᠲᠠᠢ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠰᠠᠨᠠᠮᠵᠢ‌‍ᠶᠢᠨ ᠵᠥᠪᠯᠡᠯᠴᠡᠭᠡᠷ ᠳᠤᠬᠢᠷᠠᠯᠴᠠᠬᠤ ᠶᠢᠨ ᠬᠠᠮᠲᠤ ᠲᠦᠷᠦᠯ ᠵᠦᠢᠯ‌‍ᠤᠨ ᠪᠦᠳᠦᠬᠡᠨ ᠪᠠᠶᠢᠭᠤᠯᠤᠯᠲᠠ‌‍ᠶᠢᠨ ᠲᠤᠬᠠᠢ ᠵᠣᠯᠭᠠᠭᠤᠯᠤᠨ ᠶᠠᠷᠢᠯᠴᠠᠪᠠ᠃      ᠼᠦᠢ ᠵᠢᠩ ᠶᠢᠩ ᠬᠡᠯᠡᠭᠰᠡᠨ ᠨᠢ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠨᠡᠭᠦᠷᠡᠰᠦᠨ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠯᠬᠢᠶ᠎ᠡ ᠪᠠᠨ ᠤᠷᠲᠤᠳᠬᠠᠬᠤ᠂ ᠬᠡᠯᠬᠢᠶ᠎ᠡ ᠪᠠᠨ ᠨᠥᠬᠦᠪᠥᠷᠢᠯᠡᠵᠦ ᠬᠡᠯᠬᠢᠶ᠎ᠡ ᠪᠠᠨ ᠴᠢᠩᠭᠠᠳᠬᠠᠬᠤ ᠳᠤ ᠶᠡᠬᠡᠪᠡᠷ ᠬᠦᠴᠦ ᠤᠷᠤᠭᠤᠯᠵᠤ᠂ ᠨᠢᠭᠡ ᠪᠦᠯᠦᠭ BDO ᠶᠢ ᠨᠢᠭᠡ ᠴᠤᠭᠴᠠᠵᠢᠭᠤᠯᠬᠤ ᠲᠦᠷᠦᠯ ᠵᠦᠢᠯ ᠵᠢᠴᠢ ᠳᠤᠤᠷᠠᠳᠤ ᠤᠷᠤᠰᠬᠠᠯ ᠤᠨ ᠢᠵᠢ ᠪᠦᠷᠢᠳᠦᠭᠦᠯᠦᠨ ᠨᠠᠷᠢᠯᠢᠭ ᠡᠳ᠋ᠰᠢᠭᠦᠯᠬᠦ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ BDO ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠤᠨ ᠠᠩᠬᠠᠨ ᠤ ᠳᠦᠷᠰᠦ ᠪᠠᠶᠢᠳᠠᠯ ᠢ ᠪᠤᠢ ᠪᠣᠯᠭᠠᠵᠤ᠂ ᠪᠦᠬᠦ ᠪᠥᠮᠪᠥᠷᠴᠡᠭ ᠤᠨ ᠬᠠᠮᠤᠭ ᠤᠨ ᠲᠤᠮᠤ BDO ᠶᠢ ᠨᠢᠭᠡ ᠴᠤᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠤᠢ ᠪᠣᠯᠭᠠᠬᠤ ᠭᠡᠵᠦ ᠪᠠᠶᠢᠨ᠎ᠠ᠃ ᠲᠣᠰ ᠤᠳᠠᠭ᠎ᠠ ︽ᠬᠤᠶᠠᠷ ᠲᠥᠪ᠂ ᠨᠢᠭᠡ ᠲᠤᠷᠰᠢᠯᠲᠠ ᠶᠢᠨ ᠲᠠᠰᠤᠭ︾ ᠢ ᠪᠠᠶᠢᠭᠤᠯᠵᠤ᠂ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠨᠢ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠᠷ BDO ᠠᠵᠤ ᠦᠢᠯᠡᠰ ᠤᠨ ᠭᠤᠤᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠪᠲᠤᠯᠵᠤ᠂ ᠳᠣᠤᠷᠠᠳᠤ ᠤᠷᠤᠰᠬᠠᠯ ᠤᠨ ᠬᠡᠷᠡᠭᠯᠡᠭᠡᠨ ᠤ ᠪᠣᠭᠤᠮᠢ ᠶᠢ ᠰᠢᠪᠲᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠮᠠᠨ ᠤ ᠬᠤᠲᠠ ᠶᠢᠨ ᠡᠬᠢ ᠪᠠᠶᠠᠯᠢᠭ᠂ ᠦᠢᠯᠡᠳᠪᠦᠷᠢᠯᠡᠯ ᠤᠨ ᠴᠢᠳᠠᠪᠤᠷᠢ᠂ ᠥᠪᠡᠷ ᠤᠨ ᠥᠷᠲᠡᠭ᠂ ᠮᠡᠷᠭᠡᠵᠢᠯ ᠵᠡᠷᠭᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ︽ᠵᠠᠷᠯᠠᠨ ᠮᠠᠩᠯᠠᠶᠢᠯᠠᠭᠤᠯᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ᠰᠢᠨ᠎ᠡ ᠤᠷᠠᠯᠠᠯ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠪᠣᠭᠤᠮᠲᠠ ᠰᠢᠪᠲᠤᠯᠬᠤ ᠶᠢ ᠲᠦᠯᠬᠢᠨ ᠠᠬᠢᠭᠤᠯᠵᠤ᠂ ᠨᠢᠭᠡ ᠪᠦᠯᠦᠭ ᠠᠩᠬᠠᠨ ᠤ ᠡᠭᠦᠳᠦᠯᠲᠡ ᠶᠢᠨ ᠴᠢᠨᠠᠷᠲᠠᠢ ᠦᠷ᠎ᠡ ᠪᠦᠲᠦᠭᠡᠯ ᠢ ᠲᠦᠷᠭᠡᠨ ᠪᠣᠢ ᠪᠣᠯᠭᠠᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠪᠠᠨ ᠰᠢᠯᠢᠳᠡᠭᠵᠢᠭᠦᠯᠵᠦ᠂ ᠡᠯ᠎ᠡ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠤᠯᠪᠣᠭᠠᠯᠠᠨ ᠵᠥᠪᠳᠡᠯᠴᠡᠬᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠲᠦᠷᠦᠯ ᠵᠦᠢᠯ ᠤᠨ ᠬᠠᠮᠲᠤᠷᠠᠯᠴᠠᠭ᠎ᠠ ᠬᠢᠬᠦ ᠵᠡᠷᠭᠡ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠰᠤᠳᠤᠯᠤᠨ ᠨᠡᠭᠡᠭᠡᠬᠦ ᠰᠣᠷᠢᠯᠲᠠ᠂ ᠮᠥᠩᠭᠦᠨ ᠭᠦᠢᠯᠭᠡᠭᠡᠨ ᠤ ᠳᠡᠮᠵᠢᠯᠭᠡ ᠵᠡᠷᠭᠡ ᠪᠦᠬᠦ ᠬᠡᠯᠬᠢᠶ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠴᠢᠯᠡᠭᠡ ᠪᠠᠨ ᠰᠠᠶᠢᠲᠤᠷ ᠠᠳᠬᠤᠵᠤ᠂ ᠵᠠᠰᠠᠭ ᠶᠡᠭᠡ ᠰᠤᠷᠭᠠᠭᠤᠯᠢ ᠳᠡᠭᠡᠳᠦ ᠰᠤᠷᠭᠠᠭᠤᠯᠢ ᠠᠵᠤ ᠠᠬᠤᠶᠢᠯᠠᠯ ᠤᠨ ︽ᠰᠡᠳᠬᠢᠯ ᠨᠢᠭᠡᠳᠦᠨ ᠴᠢᠭᠯᠡᠯ ᠢᠶᠠᠨ ᠨᠢᠭᠡᠳᠬᠡᠵᠦ᠂ ᠬᠤᠣᠰ ᠴᠢᠭᠯᠡᠯ ᠢᠶᠠᠷ ᠤᠷᠤᠭᠰᠢᠯᠠᠬᠤ︾ ᠳᠤ ᠨᠡᠩ ᠰᠢᠯᠢᠳᠡᠭ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠬᠢᠨ ᠪᠦᠬᠦ ᠪᠥᠮᠪᠥᠷᠴᠡᠭ ᠤᠨ ᠬᠠᠮᠤᠭ ᠤᠨ ᠲᠤᠮᠤ BDO ᠶᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠮᠠᠨ ᠤ ᠬᠤᠳᠠ ᠯᠤᠭ᠎ᠠ ᠮᠡᠷᠭᠡᠵᠢᠯ ᠤᠨ ᠰᠢᠨ᠎ᠡ ᠶᠢ ᠡᠭᠦᠳᠬᠦ᠂ ᠦᠷ᠎ᠡ ᠪᠦᠲᠦᠭᠡᠯ ᠢ ᠬᠤᠪᠢᠷᠠᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠨᠡᠶᠢᠲᠡᠴᠢ ᠴᠢᠨᠠᠷᠲᠠᠢ ᠵᠠᠩᠭᠢᠯᠠᠭ᠎ᠠ ᠶᠢᠨ ᠮᠡᠷᠭᠡᠵᠢᠯ ᠢ ᠬᠤᠪᠢᠷᠠᠭᠤᠯᠤᠨ ᠬᠡᠷᠡᠭᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠠᠵᠠ ᠲᠣᠬᠢᠶᠠᠯ ᠢ ᠠᠮᠵᠢᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠡᠷᠡᠭᠯᠡᠭᠡ ᠶᠢ ᠬᠠᠮᠵᠢᠯᠴᠠᠭᠤᠯᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ BDO ᠠᠵᠤ ᠦᠢᠯᠡᠰ ᠤᠨ ᠬᠥᠭᠵᠢᠯᠲᠡ ᠪᠣᠯᠤᠨ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠦᠢᠯᠡᠰ ᠤᠨ ᠠᠯᠳᠠᠨ ᠠᠭᠤᠯᠤᠭᠳᠠᠴᠠ᠂ ᠰᠢᠨ᠎ᠡ ᠠᠭᠤᠯᠤᠭᠳᠠᠴᠠ ᠪᠠᠨ ᠴᠢᠨᠠᠭᠰᠢᠳᠠ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠲᠤᠬᠠᠶ ᠶᠢᠨ ᠡᠳᠦᠷ ᠤᠨ ᠦᠳᠡ ᠶᠢᠨ ᠬᠤᠶᠢᠨ᠎ᠠ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠫᠷᠤᠹᠧᠰᠰᠤᠷ ᠮᠠᠨ ᠤ ᠬᠤᠲᠠ ᠶᠢᠨ BDO ᠭᠤᠤᠯᠳᠠᠯᠭ᠎ᠠ ᠲᠠᠢ ᠠᠵᠤ ᠠᠬᠤᠶᠢᠯᠠᠯ ᠳᠤ ᠬᠦᠷᠴᠦ ᠲᠣᠭᠤᠷᠢᠨ ᠦᠵᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号