ᠼᠦᠢ ᠵᠢᠩ ᠶᠢᠩ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠳᠣᠴᠠᠲᠤ ᠲᠡᠮᠦᠷ ᠵᠠᠮ ᠤᠨ ᠦᠬᠠᠢ ᠶᠢᠨ ᠬᠡᠰᠡᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠳᠣᠴᠠᠲᠤ ᠲᠡᠮᠦᠷ ᠵᠠᠮ ᠤᠨ ᠦᠬᠠᠢ ᠶᠢᠨ ᠬᠡᠰᠡᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠭᠤᠸ ᠪᠥᠸᠧ ᠣᠷᠣᠯᠴᠠᠪᠡ᠃      ᠼᠦᠢ ᠵᠢᠩ ᠶᠢᠩ ᠨᠠᠷ ᠤᠷᠢᠳ ᠬᠤᠵᠢᠳ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠳᠣᠴᠠᠲᠤ ᠲᠡᠮᠦᠷ ᠵᠠᠮ ᠤᠨ ᠦᠬᠠᠢ ᠦᠷᠳᠡᠭᠡ ᠶᠢᠨ ᠦᠷᠳᠡᠭᠡ ᠶᠢᠨ ᠭᠡᠷ᠂ ᠪᠣᠬᠢᠷᠲᠤᠯ ᠭᠠᠳᠠᠭᠰᠢᠯᠠᠭᠤᠯᠬᠤ ᠬᠤᠭᠤᠯᠠᠢ ᠶᠢ ᠨᠡᠭᠦᠯᠭᠡᠨ ᠥᠭᠡᠷᠡᠴᠢᠯᠡᠬᠦ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠷᠳᠡᠭᠡ ᠲᠠᠯᠠᠪᠤᠷ ᠤᠨ ᠵᠢᠷᠤᠭ ᠲᠥᠯᠥᠪᠯᠡᠭᠡ᠂ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ  ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠨᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠵᠦ ᠪᠠᠶᠢᠯᠳᠤᠭᠠᠨ ᠬᠢᠵᠦ᠂ ᠲᠡᠭᠡᠲᠤ ᠬᠤᠷᠳᠣᠴᠠᠲᠤ ᠲᠡᠮᠦᠷ ᠵᠠᠮ ᠤᠨ ᠦᠬᠠᠢ ᠦᠷᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠡᠷᠬᠢᠨ ᠲᠣᠭᠤᠷᠢᠨ ᠤ ᠠᠵᠤ ᠦᠢᠯᠡᠰ ᠤᠨ ᠪᠠᠶᠢᠷᠢᠰᠢᠭᠤᠯᠤᠯᠲᠠ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠳᠠ ᠶᠢᠨ ᠶᠠᠪᠤᠳᠠᠯ ᠤᠨ ᠢᠵᠢ ᠪᠦᠷᠢᠳᠦᠭᠦᠯᠬᠦ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠲᠡᠭᠡᠲᠤ ᠬᠤᠷᠲᠤᠴᠠᠲᠤ ᠲᠡᠮᠦᠷ ᠵᠠᠮ ᠤᠨ ᠵᠠᠯᠭᠠᠯᠳᠤᠭᠰᠠᠨ ᠣᠷᠣᠨ ᠤ ᠲᠠᠲᠠᠬᠤ ᠬᠦᠴᠦᠨ ᠪᠠ ᠳᠠᠭᠠᠭᠠᠴᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠵᠢᠷᠤᠭ ᠲᠥᠯᠥᠪᠯᠡᠭᠡ ᠶᠢᠨ ᠲᠥᠰᠥᠯ ᠢᠶᠠᠨ ᠰᠢᠯᠢᠳᠡᠭᠵᠢᠭᠦᠯᠵᠦ᠂ ᠣᠷᠣᠨ ᠨᠤᠲᠤᠭ ᠤᠨ ᠡᠯᠧᠮᠧᠨ᠋ᠲ ᠲᠤ ᠠᠭᠤᠰᠤᠯᠴᠠᠭᠤᠯᠵᠤ᠂ ᠰᠣᠶᠣᠯ ᠢᠷᠭᠡᠨᠰᠢᠯ ᠤᠨ ᠲᠡᠦᠬᠡ ᠪᠣᠯᠣᠨ ᠭᠠᠵᠠᠷ ᠣᠷᠣᠨ ᠤ ᠰᠣᠶᠣᠯ ᠤᠨ ᠣᠨᠴᠠᠯᠢᠭ ᠢ ᠢᠯᠡᠷᠡᠭᠦᠯᠵᠦ᠂ ᠲᠡᠭᠡᠲᠤ ᠬᠤᠷᠳᠣᠴᠠᠲᠤ ᠲᠡᠮᠦᠷ ᠵᠠᠮ ᠤᠨ ᠦᠷᠳᠡᠭᠡ ᠶᠢ ᠬᠤᠳᠠ ᠶᠢᠨ ᠣᠷᠣᠨ ᠨᠤᠲᠤᠭ ᠤᠨ ᠲᠡᠮᠳᠡᠭ ᠪᠣᠯᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号