ᠲᠠᠩ ᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/28
     4 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠣᠣ ᠣᠷᠣᠯᠴᠠᠪᠡ᠃      ᠲᠠᠩ ᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠠᠶᠤᠯᠲᠠᠢ ᠬᠢᠮᠢ ᠶᠢᠨ ᠪᠣᠳᠠᠰ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ᠂ ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠢ ᠨᠠᠷᠢᠨ ᠬᠢᠨᠠᠮᠠᠭᠠᠢ ᠰᠣᠨᠣᠰᠪᠡ᠃ ᠲᠡᠷᠡ ᠬᠡᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠠᠶᠤᠯᠲᠠᠢ ᠬᠢᠮᠢ ᠶᠢᠨ ᠪᠣᠳᠠᠰ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠢ ᠪᠠᠶᠢᠭᠤᠯᠬᠤ ᠨᠢ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠠᠶᠢᠭᠤᠯᠬᠤ ᠳᠤ ᠣᠷᠣᠯᠴᠠᠭᠰᠠᠨ ᠡᠯ᠎ᠡ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠂ ᠬᠦᠴᠦᠨ ᠵᠦᠢᠯ ᠤᠨ ᠪᠠᠲᠤᠯᠠᠭ᠎ᠠ ᠪᠠᠨ ᠴᠢᠩᠭᠠᠳᠬᠠᠵᠤ᠂ ᠲᠤᠬᠠᠢ ᠶᠢᠨ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠰᠠᠶᠢᠲᠤᠷ ᠪᠠᠶᠢᠭᠤᠯᠬᠤ ᠮᠥᠷᠲᠡᠭᠡᠨ ᠰᠠᠶᠢᠲᠤᠷ ᠬᠡᠷᠡᠭᠯᠡᠬᠦ ᠶᠢ ᠪᠣᠳᠣᠯᠬᠢᠯᠠᠵᠤ᠂ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠰᠠᠴᠤᠷᠠᠭᠯᠠᠨ ᠨᠥᠯᠥᠭᠡᠯᠡᠬᠦ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮᠴᠢᠯᠡᠭᠰᠡᠨ ᠪᠣᠯᠪᠠᠰᠤᠷᠠᠯ ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠦᠪᠰᠢᠨ ᠢ ᠨᠢ ᠳᠡᠭᠡᠭᠰᠢᠯᠡᠭᠦᠯᠵᠦ᠂ ᠣᠷᠣᠨ ᠪᠦᠰᠡ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠵᠢᠴᠢ ᠪᠠᠶᠢᠭᠠᠯᠢ ᠶᠢᠨ ᠭᠠᠮᠰᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠰᠢᠨ᠎ᠡ ᠪᠠᠶᠢᠷᠢᠰᠢᠯ ᠳᠤ᠂ ᠲᠠᠩ ᠢ ᠰᠢᠭᠦᠨ ᠲᠠᠰᠤᠯᠬᠤ ᠲᠢᠩᠬᠢᠮ ᠤᠨ ᠨᠡᠭᠦᠯᠭᠡᠨ ᠬᠡᠷᠡᠭᠯᠡᠭᠰᠡᠨ ᠪᠠᠶᠢᠳᠠᠯ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠣᠶᠤᠨᠲᠤ ᠲᠢᠩᠬᠢᠮ ᠤᠨ ᠰᠢᠭᠦᠯᠲᠡ ᠶᠢᠨ ᠬᠡᠷᠡᠭᠯᠡᠯᠲᠡ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠲᠣᠭᠠᠴᠢᠯᠠᠭᠰᠠᠨ᠂ ᠣᠶᠤᠨᠴᠢᠯᠠᠭᠰᠠᠨ ᠮᠡᠷᠭᠡᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠬᠡᠷᠡᠭᠯᠡᠵᠦ᠂ ᠡᠬᠢ ᠪᠠᠶᠠᠯᠢᠭ ᠤᠨ ᠬᠦᠴᠦᠨ ᠢ ᠪᠦᠲᠦᠮᠵᠢᠲᠡᠢ ᠨᠡᠶᠢᠳᠬᠡᠵᠦ᠂ ᠬᠠᠤᠯᠢ ᠶᠢᠨ ᠲᠤᠰᠢᠶᠠᠯᠲᠠᠨ ᠢ ᠬᠠᠪᠰᠤᠷᠤᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠲᠥᠪ ᠭᠤᠣᠯᠴᠢ ᠰᠢᠳᠤᠷᠭᠤ ᠶᠣᠰᠣ ᠶᠢ ᠨᠡᠩ ᠰᠠᠶᠢᠨ ᠨᠡᠩ ᠲᠦᠷᠭᠡᠨ ᠢᠶᠠᠷ ᠪᠡᠶᠡᠯᠡᠭᠦᠯᠬᠦ ᠬᠡᠷᠡᠭᠲᠡᠢ᠃ ᠪᠤᠷᠤᠭᠤᠳᠠᠬᠤ ᠶᠢ ᠰᠡᠷᠭᠡᠶᠢᠯᠡᠵᠦ ᠪᠤᠷᠤᠭᠤ ᠶᠢ ᠵᠠᠯᠠᠷᠠᠭᠤᠯᠬᠤ ᠲᠣᠭᠲᠠᠴᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠠᠷᠭ᠎ᠠ ᠪᠠᠷᠢᠯ ᠤᠨ ᠬᠠᠤᠯᠢ ᠴᠠᠭᠠᠵᠠ ᠶᠢᠨ ᠲᠠᠰᠤᠯᠤᠯᠲᠠ ᠳᠤ ᠲᠤᠰᠠᠯᠠᠬᠤ ᠦᠶᠡᠰ ᠭᠠᠷᠴᠤ ᠮᠡᠳᠡᠬᠦ ᠠᠶᠤᠯ ᠲᠦᠭᠰᠢᠭᠦᠷᠢ ᠪᠠ ᠠᠯᠳᠠᠰᠢ ᠭᠠᠷᠬᠤ ᠶᠢ ᠰᠡᠷᠭᠡᠶᠢᠯᠡᠬᠦ ᠶᠢ ᠴᠢᠬᠤᠯᠠᠴᠢᠯᠠᠵᠤ᠂ ᠬᠠᠤᠯᠢ ᠴᠠᠭᠠᠵᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠬᠠᠮᠲᠤ ᠲᠥᠪ ᠭᠤᠣᠯᠴᠢ ᠰᠢᠳᠤᠷᠭᠤ ᠶᠣᠰᠣ ᠶᠢ ᠤᠯᠠᠮ ᠨᠢᠭᠡ ᠠᠯᠬᠤᠮ ᠬᠠᠮᠠᠭᠠᠯᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃      ᠲᠠᠩ ᠢ ᠪᠠᠰᠠ ᠬᠤᠳᠠ ᠶᠢᠨ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ ᠲᠤ ᠬᠦᠷᠴᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠪᠠᠷᠢᠯᠭ᠎ᠠ ᠶᠢᠨ ᠠᠮᠤᠷ ᠲᠦᠪᠰᠢᠨ ᠪᠣᠯᠣᠨ ᠪᠠᠷᠢᠯᠭ᠎ᠠ ᠶᠢᠨ ᠶᠠᠰᠤ ᠴᠢᠨᠠᠷ ᠢᠶᠠᠨ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠢᠶᠠᠨ ᠥᠨᠳᠥᠷ ᠪᠦᠲᠦᠮᠵᠢᠲᠡᠢ ᠪᠠᠷ ᠵᠣᠬᠢᠶᠠᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠯᠭᠠᠨ ᠠᠪᠬᠤ ᠪᠡᠯᠡᠳᠬᠡᠯ ᠠᠵᠢᠯ ᠢᠶᠠᠨ ᠤᠷᠢᠳᠴᠢᠯᠠᠨ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠳᠠᠭᠤᠰᠬᠠᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号