ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠳᠥᠷᠪᠡᠳᠦᠭᠡᠷ ᠣᠳᠠᠭᠠᠨ ᠤ ᠠᠵᠢᠯ ᠤᠨ ᠬᠤᠷᠠᠯ ᠵᠢᠴᠢ ᠪᠦᠬᠦ ᠬᠤᠳᠠ ᠶᠢᠨ ᠦᠶᠡᠷ ᠢ ᠰᠡᠷᠭᠡᠶᠢᠯᠡᠵᠤ ᠭᠠᠩ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 28 ᠤ ᠡᠳᠦᠷ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠳᠥᠷᠪᠡᠳᠦᠭᠡᠷ ᠣᠳᠠᠭᠠᠨ ᠤ ᠠᠵᠢᠯ ᠤᠨ ᠬᠤᠷᠠᠯ ᠵᠢᠴᠢ ᠪᠦᠬᠦ ᠬᠤᠳᠠ ᠶᠢᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠵᠤ᠂ ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠣᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠᠶᠢᠳᠠᠯ ᠢ ᠵᠠᠳᠠᠯᠤᠨ ᠰᠤᠳᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃      ᠼᠦᠢ ᠵᠢᠩ ᠬᠡᠯᠡᠭᠰᠡᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ᠂ ᠥᠪᠡᠷᠲᠡᠭᠡᠨ ᠵᠠᠰᠠᠬᠤ ᠣᠷᠣᠨ ᠤ 53 ᠵᠤᠷᠪᠤᠰ ᠠᠷᠭ᠎ᠠ ᠬᠡᠮᠵᠢᠶ᠎ᠡ ᠪᠠ ᠮᠠᠨ ᠤ ᠬᠤᠲᠠ ᠶᠢᠨ 65 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠣᠰᠣᠳᠣᠯ ᠪᠠ ᠭᠠᠩ ᠤᠨ ᠭᠠᠮᠰᠢᠭ ᠤᠨ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠠᠵᠤ ᠠᠬᠤᠶᠢᠯᠠᠯ ᠵᠢᠴᠢ ᠰᠢᠲᠠᠮᠠᠬᠠᠢ ᠬᠡᠢ᠂ ᠣᠨᠴᠠ ᠲᠥᠷᠥᠯ ᠤᠨ ᠲᠥᠬᠦᠭᠡᠷᠦᠮᠵᠢ᠂ ᠬᠢᠵᠠᠭᠠᠷ ᠲᠠᠢ ᠣᠷᠣᠨ ᠵᠠᠢ ᠳᠤ ᠠᠵᠢᠯᠯᠠᠬᠤ ᠵᠡᠷᠭᠡ ᠭᠤᠣᠯᠳᠠᠯᠭ᠎ᠠ ᠲᠠᠢ ᠨᠢᠭᠡᠴᠡ ᠲᠠᠯᠠᠪᠤᠷ ᠭᠠᠵᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠳᠡᠢ᠃ ᠡᠯ᠎ᠡ ᠲᠤᠭᠤᠷᠢᠭ  ᠤᠨ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠠᠳᠬᠤᠵᠤ᠂ ᠠᠳᠠᠯᠢ ᠴᠢᠭᠯᠡᠯ ᠢᠶᠠᠷ ᠬᠦᠴᠦᠯᠡᠵᠦ᠂ ᠬᠤᠯᠪᠤᠭᠠᠯᠠᠨ ᠬᠥᠳᠡᠯᠦᠯᠴᠡᠨ ᠬᠦᠴᠦᠯᠡᠵᠦ᠂ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠦᠨᠡᠨᠬᠦ ᠪᠠᠬᠢᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ᠃      ᠼᠦᠢ ᠵᠢᠩ ᠶᠢᠩ ᠬᠡᠯᠡᠭᠰᠡᠨ ᠨᠢ᠂ ︽5·1︾ ᠤ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭ᠎ᠠ ᠠᠳᠬᠤᠵᠤ᠂ ᠦᠵᠡᠮᠵᠢ ᠶᠢᠨ ᠣᠷᠣᠨ᠂ ᠲᠣᠮᠣ ᠬᠡᠯᠪᠡᠷᠢ ᠶᠢᠨ ᠲᠣᠭᠯᠠᠯᠲᠠ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭ᠎ᠠ ᠪᠣᠳᠠᠲᠠᠢ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ  ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠨᠢ ᠸᠢᠳᠢᠤ᠋ ᠬᠡᠯᠪᠡᠷᠢ ᠪᠠᠷ ᠬᠤᠷᠠᠯᠳᠤᠵᠤ᠂ ᠡᠯ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ ᠬᠤᠲᠠ ᠶᠢᠨ ᠤᠳᠤᠷᠢᠳᠤᠯᠭ᠎ᠠ ᠭᠧᠩ ᠬᠠᠢ ᠵᠢᠶᠦ᠋ᠨ᠂ ᠭᠦᠸᠧ ᠢ ᠵᠢᠶᠧ᠂ ᠸᠠᠩ ᠵᠢᠢ ᠫᠢᠩ᠂ ᠵᠠᠩ ᠮᠢᠩ ᠮᠢᠩ᠂ ᠭᠤᠸ ᠪᠥᠸᠧ᠂ ᠵᠠᠩ ᠸᠧᠢ ᠣᠷᠣᠯᠴᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号