ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ  ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 5 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 5 ᠳ᠋ᠤᠭᠠᠷ ᠣᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 4 ᠳ᠋ᠣᠭᠡᠷ ᠣᠳᠠᠭᠠᠨ ᠤ ᠰᠤᠷᠤᠯᠴᠠᠯᠭ᠎ᠠ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠯᠤᠭ᠎ᠠ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠦᠷᠭᠦᠯᠵᠢᠯᠡᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠪᠣᠯᠣᠨ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ︽ᠬᠤᠶᠠᠷ ᠢ ᠲᠣᠭᠲᠠᠭᠠᠬᠤ︾ ᠶᠢ ᠨᠡᠩ ᠡᠷᠡᠰ ᠪᠠᠲᠤ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ︽ᠳᠦᠷᠢᠮ︾ ᠤᠨ ᠵᠣᠷᠢᠭ ᠰᠠᠨᠠᠭᠠᠨ ᠤ ᠮᠥᠨ ᠴᠢᠨᠠᠷ ᠪᠠ ᠲᠣᠭᠲᠠᠭᠠᠯ ᠤᠨ ᠱᠠᠭᠠᠷᠳᠠᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠤᠯ ᠰᠠᠨᠠᠭ᠎ᠠ ᠶᠢ ᠦᠨᠡᠨ ᠬᠦ ᠭᠦᠨᠵᠡᠭᠡᠢ ᠨᠡᠪᠲᠡᠷᠡᠲᠡᠯ᠎ᠡ ᠲᠤᠤᠱᠳᠠᠢ ᠰᠣᠷᠣᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠢᠨ᠎ᠡ ᠪᠠᠷᠢᠮᠵᠢᠶ᠎ᠠ ᠶᠢ ᠪᠥᠬᠦ ᠲᠠᠯ᠎ᠠ ᠪᠠᠷ ᠰᠠᠶᠢᠲᠤᠷ ᠡᠵᠡᠮᠰᠢᠵᠦ᠂ ᠰᠤᠷᠤᠯᠴᠠᠨ ᠣᠬᠠᠵᠤ ᠨᠡᠪᠲᠡᠷᠡᠲᠡᠯ᠎ᠡ ᠣᠶᠢᠯᠠᠭᠠᠬᠤ᠂ ᠮᠡᠳᠡᠬᠦᠢ ᠬᠢᠬᠦᠢ ᠶᠢ ᠨᠢᠭᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠶᠢᠨ ᠲᠠᠯ᠎ᠠ ᠪᠠᠷ᠂ ᠶᠠᠮᠠᠷᠪᠠ ᠦᠶ᠎ᠡ ᠳᠤ ᠴᠦ ᠭᠡᠰᠡᠨ ᠴᠥᠮ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠠ ᠤᠯᠤᠰ ᠲᠦᠷᠦ ᠶᠢᠨ ᠰᠠᠬᠢᠯᠭ᠎ᠠ ᠪᠠᠲᠤ ᠪᠣᠯᠭᠠᠬᠤ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠣᠪᠣᠷ ᠢᠶᠠᠨ ᠢᠯᠡᠳᠬᠡᠬᠦ ᠠᠴᠠ ᠪᠢᠰᠢ ᠨᠠᠶᠢᠳᠠᠪᠤᠷᠢᠵᠢᠭᠤᠯᠬᠤ ᠦᠭᠡᠢ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠲᠣᠬᠢᠷᠠᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠮᠢᠶᠠᠷᠴᠤ᠂ ᠦᠨᠡᠨᠬᠦ ᠰᠠᠶᠢᠲᠤᠷ ᠭᠦᠢᠴᠡᠳᠭᠡᠭᠴᠢ᠂ ᠠᠵᠢᠯᠯᠠᠭᠴᠢ᠂ ᠦᠢᠯᠡᠳᠦᠯᠭᠡᠵᠢᠬᠦᠯᠦᠭᠴᠢ ᠪᠣᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ ᠲᠠᠯ᠎ᠠ ᠪᠠᠷ ᠵᠣᠬᠢᠶᠠᠨ ᠪᠠᠶᠢᠭᠤᠯᠤᠯᠲᠠ ᠶᠢᠨ ᠵᠠᠷᠴᠢᠮ ᠪᠠ ᠵᠣᠬᠢᠶᠠᠨ ᠪᠠᠶᠢᠭᠤᠯᠤᠯᠲᠠ ᠶᠢᠨ ᠵᠢᠷᠤᠮ ᠢ ᠴᠢᠩᠭ᠎ᠠ ᠵᠢᠷᠤᠮᠯᠠᠨ ᠠᠵᠢᠯᠯᠠᠵᠤ᠂ ᠡᠯ᠎ᠡ ᠵᠦᠢᠯ ᠤᠨ ᠳᠦᠷᠢᠮ ᠢ ᠬᠢᠨᠠᠮᠠᠭᠠᠢ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠪᠠ ᠰᠠᠬᠢᠯᠭ᠎ᠠ ᠪᠠᠲᠤ ᠶᠢᠨ ᠬᠢᠵᠠᠭᠠᠷᠯᠠᠯ ᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢᠨ ᠲᠠᠯ᠎ᠠ ᠪᠠᠷ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠶᠠᠯᠠᠵᠤ ᠪᠠᠶᠢᠭ᠎ᠠ ᠭᠠᠵᠠᠷ ᠢᠶᠠᠨ ᠴᠢᠩᠭ᠎ᠠ ᠬᠠᠮᠢᠶᠠᠷᠴᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠬᠤᠷᠢᠭ᠎ᠠ ᠱᠤᠭᠤᠮ ᠢ ᠡᠷᠡᠰ ᠰᠠᠬᠢᠭᠤᠯᠵᠤ᠂ ᠡᠪ ᠬᠠᠮᠲᠤᠴᠤᠳ ᠤᠨ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠮᠥᠨ ᠴᠢᠨᠠᠷ ᠢ ᠡᠭᠦᠷᠢᠳᠡ ᠪᠠᠲᠤᠯᠠᠬᠤ ᠬᠡᠷᠡᠭᠲᠡᠢ᠃ ᠤᠯᠠᠨ ᠲᠦᠮᠡᠨ ᠤ ᠰᠠᠬᠢᠯᠭ᠎ᠠ ᠪᠠᠲᠤ ᠶᠢᠨ ᠲᠠᠯ᠎ᠠ ᠪᠠᠷ ᠨᠠᠮ ᠤᠨ ᠦᠨᠳᠦᠰᠦᠨ ᠵᠣᠷᠢᠯᠲᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢᠨ ᠲᠠᠯ᠎ᠠ ᠪᠠᠷ ᠲᠠᠩᠰᠠᠨ ᠲᠤᠰᠢᠶᠠᠬᠤ ᠤᠬᠠᠮᠰᠠᠷ᠂ ᠬᠠᠭᠤᠳᠠᠰᠣ ᠲᠤᠰᠢᠶᠠᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠡᠶᠢᠰᠪᠦᠷᠢ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠡᠨ ᠠᠳᠬᠤᠵᠤ ᠪᠣᠳᠠᠲᠠᠢ ᠪᠠᠷ ᠠᠵᠢᠯᠯᠠᠬᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠠᠵᠢᠯᠯᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠠᠮᠢᠳᠤᠷᠠᠯ ᠤᠨ ᠰᠠᠬᠢᠯᠭ᠎ᠠ ᠪᠠᠲᠤ ᠶᠢᠨ ᠲᠠᠯ᠎ᠠ ᠪᠠᠷ ᠶᠣᠰᠣ ᠰᠤᠷᠲᠠᠬᠤᠨ ᠤ ᠪᠣᠯᠪᠠᠰᠤᠷᠠᠯ ᠢᠶᠠᠨ ᠴᠢᠩᠭᠠᠳᠬᠠᠵᠤ᠂ ᠲᠣᠭᠲᠠᠯ ᠬᠦᠴᠦᠨ ᠢᠶᠠᠨ ᠴᠢᠩᠭᠠᠳᠬᠠᠵᠤ᠂ ᠲᠥᠪ ᠰᠤᠷᠲᠠᠯ ᠢ ᠬᠠᠳᠠᠭᠠᠯᠠᠵᠤ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠢ ᠴᠢᠬᠤᠯᠠᠴᠢᠯᠠᠵᠤ᠂ ᠶᠡᠭᠡ ᠮᠣᠷᠠᠯ ᠢ ᠮᠡᠳᠡᠵᠦ᠂ ᠨᠡᠶᠢᠲᠡ ᠶᠢᠨ ᠮᠣᠷᠠᠯ ᠢ ᠰᠠᠬᠢᠵᠤ᠂ ᠬᠤᠪᠢ ᠶᠢᠨ ᠮᠣᠷᠠᠯ ᠢᠶᠠᠨ ᠴᠢᠩᠳᠠᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠲᠦᠷᠦᠭᠦᠯᠡᠨ ᠭᠦᠨᠵᠡᠭᠡᠢ ᠰᠤᠷᠤᠯᠴᠠᠵᠤ᠂ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠡᠶ᠎ᠡ ᠪᠠᠷ ᠢᠶᠠᠨ ᠲᠥᠯᠥᠪᠵᠢᠭᠦᠯᠦᠨ ᠠᠬᠢᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠵᠢᠯᠣᠭᠤᠳᠤᠯᠭ᠎ᠠ᠂ ᠨᠠᠮ ᠤᠨ ᠬᠢᠴᠢᠶᠡᠯ ᠣᠷᠣᠬᠤ᠂ ᠰᠡᠷᠡᠮᠵᠢᠯᠡᠭᠦᠯᠬᠦ ᠬᠥᠮᠦᠵᠢᠯ ᠵᠡᠷᠭᠡ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠪᠦᠭᠡᠳ ᠪᠣᠳᠠᠲᠠᠢ ᠠᠳᠬᠤᠵᠤ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠣᠳᠠᠲᠠᠢ ᠱᠠᠭᠠᠷᠳᠠᠯᠭ᠎ᠠ ᠶᠢ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ ᠦᠨᠡᠨᠬᠦ ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ᠂ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠪᠠᠨ ᠰᠢᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号