ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 9 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 9 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠤᠯᠤᠰ ᠤᠨ ᠬᠤᠣᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠲᠡᠭᠡᠷᠡᠬᠢ ᠪᠠ ᠴᠦᠩᠴᠢᠩ ᠬᠤᠲᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠪᠠᠨ ᠴᠢᠩᠭᠠᠳᠬᠠᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠢᠯ ᠤᠨ ᠪᠠᠶᠢᠷᠢᠰᠢᠯ ᠢ ᠡᠬᠢᠯᠡᠭᠦᠯᠬᠦ ᠶᠢ ᠠᠬᠢᠭᠤᠯᠵᠤ᠂ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠩ ᠶᠡᠭᠡ ᠡᠷᠴᠢᠮ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠶᠡᠬᠡᠪᠡᠷ ᠬᠠᠮᠠᠭᠠᠯᠠᠭᠰᠠᠨ᠂ ᠶᠡᠬᠡᠪᠡᠷ ᠨᠡᠭᠡᠭᠡᠯᠲᠡ ᠬᠢᠭᠰᠡᠨ᠂ ᠴᠢᠨᠠᠷ ᠰᠠᠶᠢᠲᠠᠢ ᠬᠦᠭᠵᠢᠬᠦᠯᠦᠭᠰᠡᠨ ᠰᠢᠨ᠎ᠡ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠲᠤᠭ᠎ᠠ ᠪᠦᠷᠢᠳᠬᠡᠯ ᠤᠨ ᠳᠦᠷᠢᠮ ᠪᠠ ᠦᠶᠯᠡ ᠠᠵᠢᠯᠯᠠᠭ᠎ᠠ ᠶᠢᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠬᠤ ᠶᠢ ᠭᠦᠨᠵᠡᠭᠡᠶᠢᠷᠡᠭᠦᠯᠦᠨ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠬᠤᠣᠷᠲᠤ ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠠᠪᠤᠳᠠᠯ ᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠷᠢᠮᠲᠠᠯᠠᠵᠤ᠂ ᠬᠤᠣᠷᠠᠲᠤ ᠡᠳ᠋ ᠤᠨ ᠲᠣᠪᠣᠶᠢᠮ᠎ᠠ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠬᠤᠣᠷᠠᠲᠤ ᠡᠳ᠋ ᠢ ᠵᠠᠰᠠᠬᠤ ᠰᠢᠰᠲ᠋ᠧᠮ  ᠢᠶᠠᠨ ᠲᠡᠭᠦᠯᠳᠡᠷᠵᠢᠭᠦᠯᠵᠦ᠂ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠴᠣᠬᠢᠯᠲᠠ ᠥᠭᠴᠦ ᠴᠡᠭᠴᠡᠯᠡᠨ ᠵᠠᠰᠠᠬᠤ᠂ ᠬᠤᠣᠷ ᠲᠠᠲᠠᠬᠤ ᠶᠢ ᠴᠠᠭᠠᠵᠠᠯᠠᠵᠤ ᠬᠤᠣᠷ ᠡᠳ᠋ᠯᠡᠬᠦ ᠶᠢ ᠵᠣᠭᠰᠤᠭᠠᠬᠤ ᠵᠡᠷᠭᠡ ᠭᠤᠣᠯᠳᠠᠯᠭ᠎ᠠ ᠲᠠᠢ ᠠᠵᠢᠯ ᠢᠶᠠᠨ ᠲᠣᠪᠣᠶᠢᠮ᠎ᠠ ᠰᠠᠶᠢᠲᠤᠷ ᠠᠳᠬᠤᠵᠤ᠂ ᠬᠤᠣᠷᠠᠲᠤ ᠡᠳ᠋ ᠢ ᠴᠠᠭᠠᠵᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠨ ᠪᠦᠷᠢᠨᠰᠢᠭᠦᠯᠵᠦ᠂ ᠬᠤᠣᠷᠠᠲᠤ ᠡᠳ᠋ ᠤᠨ ᠡᠭᠦᠰᠬᠦ ᠬᠥᠷᠥᠰᠥ ᠰᠢᠷᠣᠢ ᠶᠢ ᠲᠤᠶᠢᠯᠪᠤᠷᠢᠲᠠᠢ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠡᠷᠬᠡᠪᠰᠢ ᠲᠡᠷᠡ ᠳᠠᠷᠤᠢ ᠳᠤᠨᠢ ᠤᠯᠠᠮᠵᠢᠯᠠᠵᠤ᠂ ᠲᠡᠷᠡ ᠳᠠᠷᠤᠢ ᠳᠤᠨᠢ ᠨᠠᠶᠢᠳᠠᠪᠤᠷᠢᠵᠢᠭᠤᠯᠬᠤ ᠶᠢᠨ ᠬᠠᠮᠲᠤ ᠲᠣᠬᠢᠷᠠᠭᠤᠯᠵᠤ ᠱᠠᠯᠠᠪᠳᠠᠭᠤᠯᠤᠨ ᠭᠦᠢᠴᠡᠳᠬᠡᠬᠦ ᠪᠠᠨ ᠴᠢᠩᠭᠠᠳᠬᠠᠵᠤ᠂ ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠴᠢᠩᠭ᠎ᠠ ᠠᠩᠬᠠᠷᠴᠤ᠂ ᠭᠠᠷᠳᠠᠴᠠ᠂ ᠲᠠᠪᠴᠠᠩ᠂ ᠠᠴᠢᠶᠠᠯᠠᠪᠤᠷᠢ ᠶᠢ ᠣᠨᠣᠪᠴᠢᠲᠠᠶ ᠡᠷᠢᠨ ᠣᠯᠵᠤ᠂ ᠨᠢᠭᠡ ᠨᠢᠭᠡ ᠪᠠᠷ ᠠᠬᠢᠭᠤᠯᠤᠨ᠂ ᠨᠢᠭᠡ ᠨᠢᠭᠡ ᠪᠠᠷ ᠨᠠᠶᠢᠳᠠᠪᠤᠷᠢᠵᠢᠭᠤᠯᠵᠤ᠂ ᠦᠨᠡᠨᠬᠦ ᠠᠳᠬᠤᠨ ᠪᠣᠳᠠᠲᠠᠢ ᠪᠠᠷ ᠬᠢᠵᠦ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽5·1︾ ᠤ ᠠᠮᠠᠷᠠᠯᠲᠠ ᠶᠢᠨ ᠬᠤᠭᠤᠴᠠᠭ᠎ᠠ ᠣᠶᠢᠷᠠᠳᠴᠤ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠡᠷᠡᠭᠯᠡᠭᠡ ᠶᠢ ᠠᠬᠢᠭᠤᠯᠬᠤ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠢᠳᠡᠭᠡᠨ ᠤ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ᠂ ᠵᠢᠵᠢᠭᠦᠷᠯᠡᠨ ᠰᠠᠬᠢᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠠᠷᠠᠳ ᠤᠯᠠᠨ ᠤ ᠠᠮᠤᠷ ᠠᠮᠤᠭᠤᠯᠠᠩ ᠪᠠᠶᠠᠷ ᠵᠢᠷᠭᠠᠯ ᠲᠠᠢ ᠥᠯᠵᠡᠢ ᠪᠡᠯᠭᠡ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠷᠪᠢᠯᠠᠨ ᠭᠠᠮᠨᠠᠵᠤ ᠠᠮᠢᠳᠤᠷᠠᠬᠤ ᠲᠠᠳᠬᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠶᠢ ᠠᠬᠢᠭᠤᠯᠵᠤ᠂ ᠡᠨᠡ ᠵᠢᠯ ᠤᠨ ᠪᠦᠬᠦ ᠬᠤᠳᠠ ᠶᠢᠨ ᠥᠷᠢ ᠥᠭᠴᠡᠭᠡ ᠶᠢᠨ ᠥᠨᠳᠥᠷ ᠠᠶᠤᠯ ᠲᠦᠭᠰᠢᠭᠦᠷᠢ ᠶᠢᠨ ᠲᠡᠰ ᠠᠴᠠ ᠪᠦᠬᠦᠯᠢ ᠴᠣᠭᠴᠠ ᠪᠠᠷ ᠤᠬᠤᠷᠢᠨ ᠭᠠᠷᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠦᠬᠠᠢ ᠬᠤᠳᠠ ᠶᠢᠨ ᠬᠤᠳᠠ ᠶᠢᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠨᠠᠷᠢᠯᠢᠭᠵᠢᠭᠤᠯᠬᠤ ᠠᠷᠭ᠎ᠠ︾ ᠵᠡᠷᠭᠡ ᠪᠢᠴᠢᠭ ᠮᠠᠲ᠋ᠧᠷᠢᠶᠠᠯ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号