2024 ᠣᠨ ᠤ ᠬᠠᠶᠢᠷᠤᠪ ᠤᠨ ᠲᠣᠬᠤᠢ ᠲᠣᠭᠤᠷᠢᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2 ᠤᠨ ᠡᠳᠦᠷ᠂ 2024 ᠣᠨ ᠤ ᠬᠠᠶᠢᠷᠤᠪ ᠤᠨ ᠲᠣᠬᠤᠢ ᠲᠣᠭᠤᠷᠢᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠤᠨ ᠶᠡᠷᠦᠩᠬᠡᠢ ᠪᠡᠯᠡ ᠣᠷᠣᠭᠤᠯᠤᠯᠲᠠ 1738.02 ᠲᠦᠮᠡᠨ ᠲᠥᠭᠦᠷᠢᠭ ᠲᠤ ᠬᠦᠷᠴᠦ᠂ 6543 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠤᠢ᠂ ᠲᠦᠷᠦᠯ ᠵᠦᠢᠯ ᠨᠢ ᠪᠠᠶᠠᠬᠤᠰᠣ ᠲᠣᠰᠬᠤᠨ᠂ ᠰᠢᠨ ᠳ᠋ᠢ ᠲᠣᠰᠬᠤᠨ᠂ ᠸᠠᠩ ᠶᠤᠸᠠᠨ ᠳ᠋ᠢ ᠲᠣᠰᠬᠤᠨ ᠪᠣᠯᠣᠨ ᠰᠢᠨ ᠹᠧᠩ ᠲᠣᠰᠬᠤᠨ ᠳᠤ ᠬᠤᠯᠪᠣᠭᠳᠠᠨ᠎ᠠ᠃ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠤᠰᠤᠯᠠᠬᠤ ᠪᠠ ᠤᠰᠤ ᠵᠠᠯᠠᠬᠤ᠂ ᠲᠠᠷᠢᠶᠠᠨ ᠭᠠᠵᠠᠷ ᠤᠨ ᠵᠠᠮ᠂ ᠲᠠᠷᠢᠶᠠᠨ ᠭᠠᠵᠠᠷ ᠢ ᠠᠷᠠᠴᠢᠯᠠᠨ ᠬᠠᠮᠠᠭᠠᠯᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠢᠨᠵᠧᠨᠧᠷᠢᠩ ᠢ ᠪᠠᠭᠲᠠᠭᠠᠵᠤ᠂ ᠲᠥᠷᠥᠯ ᠵᠦᠢᠯ ᠤᠨ ᠣᠷᠣᠨ ᠤ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ᠂ ᠬᠥᠷᠥᠰᠥ ᠰᠢᠷᠣᠢ ᠶᠢᠨ ᠥᠩ ᠰᠢᠮ᠎ᠡ᠂ ᠲᠠᠷᠢᠮᠠᠯ ᠤᠨ ᠤᠨᠠᠯᠲᠠ ᠵᠢᠴᠢ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠠᠶᠢᠷᠤᠪ ᠤᠨ ᠲᠣᠬᠤᠢ ᠲᠣᠭᠤᠷᠢᠭ ᠲᠤ ᠪᠠᠰᠠ ᠪᠦᠬᠦ ᠠᠮᠢᠳᠤ ᠪᠣᠳᠠᠰ ᠤᠨ ᠵᠠᠳᠠᠷᠠᠵᠤ ᠪᠤᠯᠬᠤ ᠰᠦᠯᠢᠶᠥᠦ ᠪᠦᠷᠬᠦᠪᠴᠢ ᠶᠢ ᠶᠡᠬᠡᠪᠡᠷ ᠬᠡᠷᠡᠭᠯᠡᠵᠦ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ᠂ ᠲᠠᠷᠢᠮᠠᠯ ᠤᠨ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃      ︽ᠪᠢᠳᠡ ᠤᠷᠢᠳᠠᠪᠠᠷ ᠪᠠᠶᠠᠬᠤᠰᠣ ᠲᠣᠰᠬᠤᠨ ᠤ 1644 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠡᠶᠡᠯᠡᠭᠦᠯᠵᠦ᠂ ᠨᠠᠮᠤᠷ ᠡᠪᠦᠯ ᠤᠨ ᠤᠯᠠᠷᠢᠯ ᠳᠤ ᠦᠯᠡᠳᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠭᠠᠵᠠᠷ ᠰᠢᠷᠣᠢ ᠶᠢ ᠲᠡᠭᠰᠢᠯᠡᠬᠦ᠂ ᠲᠠᠷᠢᠶᠠᠨ ᠭᠠᠵᠠᠷ ᠤᠨ ᠵᠠᠮ᠂ ᠬᠠᠯᠬᠠᠪᠴᠢ ᠣᠶ᠂ ᠲᠠᠷᠢᠶᠠᠨ ᠭᠠᠵᠠᠷ ᠤᠨ ᠬᠤᠭᠤᠯᠠᠢ ᠲᠣᠣᠷ᠂ ᠬᠥᠷᠥᠰᠥ ᠰᠢᠷᠣᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠲᠠᠷᠢᠶᠠᠨ ᠭᠠᠵᠠᠷ ᠤᠨ ᠴᠠᠭᠢᠯᠭᠠᠨ ᠳᠠᠮᠵᠢᠭᠤᠯᠵᠤ ᠲᠦᠭᠡᠭᠡᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ᠂ 11 ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠨ᠎ᠠ︾ ᠭᠡᠵᠦ ᠬᠠᠶᠢᠷᠤᠪ ᠤᠨ ᠲᠣᠬᠤᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠤᠪᠴᠢᠶᠠᠨ ᠤ ᠳᠠᠷᠤᠭ᠎ᠠ ᠯᠢ ᠿᠦᠢ ᠹᠧᠨ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号