ᠮᠠᠨ ᠤ ᠬᠤᠲᠠ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢᠶᠠᠨ ᠪᠠᠶᠢᠷᠢᠯᠠᠭᠤᠯᠪᠡ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 1 ᠤ ᠡᠳᠦᠷ᠂ ᠮᠠᠨ ᠤ ᠬᠤᠲᠠ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠠᠶᠢᠷᠢᠯᠠᠭᠤᠯᠬᠤ ᠬᠤᠷᠠᠯ ᠵᠢᠴᠢ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠯᠪᠠᠰᠤᠷᠠᠯ ᠡᠷᠭᠢᠯᠡᠵᠦ᠂ ︽ᠦᠬᠠᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024— 2026 ᠣᠨ︶︾ ︽ᠦᠬᠠᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024— 2026 ᠣᠨ︶︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠠᠵᠢᠯ ᠢᠶᠠᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠬᠤᠳᠠ᠂ ᠲᠣᠭᠤᠷᠢᠭ ᠬᠤᠶᠠᠷ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠰᠠᠭᠤᠷᠢ ᠲᠣᠭᠠᠨ ᠤ ᠨᠠᠷᠢᠨ ᠲᠠᠩᠰᠠ ᠪᠠᠨ ᠬᠥᠳᠡᠯᠦᠩᠭᠦᠢ ᠪᠠᠷ ᠰᠢᠨᠡᠳᠬᠡᠵᠦ᠂ ᠬᠢᠨᠠᠨ ᠵᠢᠯᠤᠭᠤᠳᠴᠤ ᠪᠠᠶᠢᠴᠠᠭᠠᠬᠤ ᠶᠢ ᠭᠦᠨᠵᠡᠭᠡᠢ ᠥᠷᠨᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠶᠢᠰᠦᠨ ᠵᠢᠵᠢᠭ ᠲᠠᠯᠠᠪᠤᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ᠂ ᠢᠳᠡᠭᠡᠨ ᠤᠮᠳᠠᠭᠠᠨ ᠤ ᠰᠢᠲᠠᠮᠠᠬᠠᠢ ᠬᠡᠢ ᠶᠢᠨ ᠲᠤᠰᠬᠠᠢ ᠴᠡᠭᠴᠡᠯᠡᠨ ᠵᠠᠰᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠠᠮᠰᠢᠭ ᠢ ᠲᠥᠪᠯᠡᠷᠡᠭᠦᠯᠦᠨ ᠠᠷᠢᠯᠭᠠᠬᠤ ᠪᠡᠷᠬᠡ ᠰᠡᠳᠦᠪ ᠢ ᠰᠢᠢᠳᠪᠦᠷᠢᠯᠡᠬᠦ ᠶᠡᠭᠡ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠦᠨᠳᠦᠰᠦ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠮᠥᠨ ᠴᠢᠨᠠᠷ ᠪᠠ ᠪᠣᠳᠠᠲᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠶᠤᠯᠭᠦᠢ ᠦᠢᠯᠡᠳᠪᠦᠷᠢᠯᠡᠯ ᠤᠨ ︽ᠲᠠᠪᠤᠨ ᠨᠢᠭᠡ ᠤᠳᠠᠭ᠎ᠠ︾ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠵᠢᠷᠤᠮᠵᠢᠯ ᠲᠠᠢ ᠡᠮᠬᠢ ᠵᠢᠷᠤᠮ ᠲᠠᠢ᠂ ᠠᠮᠤᠷ ᠲᠦᠪᠰᠢᠨ ᠲᠣᠭᠲᠠᠭᠤᠨ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号