ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠨᠢ᠂ | ᠡᠨᠡ ᠵᠢᠯ ᠤᠨ 1— 3 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ | 29 ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 0.96 | ᠳ᠋ᠦᠩᠰᠢᠭᠤᠷ ᠲᠥᠭᠦᠷᠢᠭ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ ᠪᠠᠷᠤᠭ 3.4% ᠨᠡᠮᠡᠭᠳᠡᠪᠡ᠃ | ᠡᠨᠡ ᠵᠢᠯ ᠠᠴᠠ ᠨᠠᠰᠢ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠭᠡ ᠬᠥᠯᠭᠡ | ᠰᠢᠲᠠᠷ᠎ᠠ︾ ᠶᠢᠨ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠨᠢᠭᠡᠳᠦᠭᠡᠷ ᠤᠯᠠᠷᠢᠯ ᠤᠨ ᠣᠷᠣᠯᠭ᠎ᠠ ᠶᠢᠨ ᠬᠠᠷᠠᠯᠲᠠ ᠶᠢ | ᠴᠢᠩᠭ᠎ᠠ ᠠᠳᠬᠤᠨ᠂ ᠡᠳ᠋ ᠤᠨ ᠵᠠᠰᠠᠭ ᠠᠵᠤ ᠠᠬᠤᠢ ᠶᠢᠨ ᠠᠵᠢᠯᠯᠠᠭᠠᠨ ᠤ ᠬᠢᠨᠠᠨ ᠰᠢᠨᠵᠢᠵᠦ ᠵᠠᠳᠠᠯᠬᠤ ᠪᠠᠨ | ᠴᠢᠩᠭᠠᠳᠬᠠᠵᠤ᠂ ᠣᠷᠣᠯᠭ᠎ᠠ ᠶᠢ ᠭᠤᠣᠯᠳᠠᠯᠭ᠎ᠠ ᠲᠠᠢ ᠵᠣᠬᠢᠶᠠᠨ ᠪᠠᠶᠢᠭᠤᠯᠵᠤ᠂ ᠡᠳ᠋ ᠤᠨ ᠵᠠᠰᠠᠭ ᠤᠨ ᠢᠷᠡᠯᠲᠡ | ᠭᠠᠶᠢᠯᠢ ᠶᠢᠨ ᠢᠷᠡᠯᠲᠡ ᠶᠢ ᠪᠣᠶᠢᠵᠢᠭᠤᠯᠤᠨ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠲᠠᠲᠠᠪᠤᠷᠢᠯᠠᠯᠲᠠ | ᠬᠠᠮᠢᠶᠠᠷᠤᠯᠲᠠ ᠪᠠᠨ ᠰᠠᠶᠢᠲᠤᠷ ᠠᠳᠬᠤᠵᠤ᠂ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢᠨ ᠬᠤᠷᠢᠶᠠᠬᠤ ᠶᠣᠰᠣᠲᠠᠢ | ᠶᠢ ᠨᠢ ᠪᠦᠬᠦᠨ ᠢ ᠬᠤᠷᠢᠶᠠᠨ ᠠᠪᠬᠤ ᠶᠢ ᠦᠨᠡᠨ ᠬᠦ ᠪᠠᠲᠤᠯᠠᠵᠤ᠂ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ ︽ᠯᠠᠪᠳᠠᠭᠤᠨ ᠡᠭᠢᠯᠡᠯᠳᠡ᠂ ᠰᠠᠶᠢᠨ ᠡᠬᠢᠯᠡᠯᠲᠡ︾ ᠶᠢ | ᠪᠡᠶᠡᠯᠡᠭᠦᠯᠪᠡ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠶᠠᠪᠤᠳᠠᠯ ᠢᠶᠠᠷ ᠡᠳ᠋ ᠤᠨ ᠵᠠᠰᠠᠭ ᠢ ᠡᠵᠡᠮᠳᠡᠬᠦ᠂ | ᠡᠳ᠋ ᠤᠨ ᠶᠠᠪᠤᠳᠠᠯ ᠢᠶᠠᠷ ᠵᠠᠰᠠᠭ ᠢ ᠲᠤᠰᠠᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠥᠬᠦ ᠵᠢᠯ ᠤᠨ | ᠡᠳ᠋ ᠤᠨ ᠵᠠᠰᠠᠭ ᠤᠨ ᠣᠷᠣᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠳ᠋ ᠤᠨ ᠵᠠᠰᠠᠭ ᠤᠨ | ᠣᠷᠣᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠭᠠᠶᠢᠯᠢ ᠲᠠᠲᠠᠪᠤᠷᠢ ᠶᠢᠨ ᠨᠡᠮᠡᠭᠳᠡᠯ ᠤᠨ ᠴᠢᠭ ᠢ ᠣᠯᠠᠨ ᠠᠷᠭ᠎ᠠ | ᠵᠠᠮ ᠢᠶᠠᠷ ᠠᠭᠤᠳᠠᠯᠵᠤ᠂ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠵᠦ᠂ ᠮᠠᠨ ᠤ ᠬᠤᠲᠠ ᠶᠢᠨ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠨᠠᠶᠢᠳᠠᠪᠤᠷᠢᠲᠠᠢ ᠡᠳ᠋ ᠤᠨ ᠬᠦᠴᠦᠨ ᠤ | ᠪᠠᠲᠤᠯᠠᠭ᠎ᠠ ᠬᠠᠩᠭᠠᠨ᠎ᠠ᠃ | |