ᠲᠠᠩ ᠢ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ  ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠤᠳᠤᠷᠢᠳᠤᠯᠭ᠎ᠠ ᠰᠦᠨ ᠬᠤᠸ᠂ ᠯᠢ ᠴᠦᠨ ᠰᠢᠶᠣᠣ ᠣᠷᠣᠯᠴᠠᠪᠡ᠃

     ᠯᠢᠨ ᠶᠢᠨ ᠵᠡᠭᠡᠯᠢ ᠭᠤᠳᠤᠮᠵᠢ ᠶᠢᠨ ᠬᠠᠢ ᠰᠢᠨ ᠨᠡᠶᠢᠭᠡᠮ ᠲᠣᠭᠤᠷᠢᠭ᠂ ᠰᠢᠨᠬᠤᠸᠠ ᠪᠠᠷᠠᠭᠤᠨ ᠵᠡᠭᠡᠯᠢ

ᠭᠤᠳᠤᠮᠵᠢ ᠶᠢᠨ ᠬᠠᠢ ᠳ᠋ᠠ ᠨᠡᠶᠢᠭᠡᠮ ᠲᠣᠭᠤᠷᠢᠭ ᠲᠤ᠂ ᠲᠠᠩ ᠢ ᠬᠦᠷᠢᠶ᠎ᠡ ᠶᠢᠨ ᠬᠤᠪᠢᠶᠠᠷᠢᠯᠠᠯ᠂ ᠴᠢᠳᠠᠪᠬᠢ ᠶᠢᠨ

ᠪᠠᠶᠢᠷᠢᠰᠢᠭᠤᠯᠤᠯᠲᠠ ᠵᠢᠴᠢ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ

ᠪᠠᠶᠢᠭᠤᠯᠤᠯᠲᠠ ᠵᠡᠷᠭᠡ ᠪᠠᠶᠢᠳᠠᠯ ᠢ ᠨᠢ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠨᠡᠶᠢᠭᠡᠮ ᠲᠣᠭᠤᠷᠢᠭ ᠪᠣᠯ

ᠰᠠᠭᠤᠭᠠᠯᠢ ᠠᠷᠠᠳ ᠤᠨ ᠭᠡᠷ ᠣᠷᠣᠨ ᠪᠠ ᠭᠠᠷᠠᠮ ᠪᠤᠯᠤᠩ ᠪᠣᠯᠣᠨ᠎ᠠ᠂ ᠪᠢᠳᠡ ᠨᠢᠭᠡ ᠮᠦᠴᠡᠲᠤ ᠨᠡᠶᠢᠭᠡᠮ

ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ ᠪᠠᠶᠢᠭᠤᠯᠵᠤ ᠪᠠᠶᠢᠭ᠎ᠠ ᠨᠢ ᠳᠠᠷᠤᠢ ᠨᠡᠶᠢᠭᠡᠮ ᠲᠣᠭᠤᠷᠢᠭ ᠤᠨ ᠰᠠᠭᠤᠭᠠᠯᠢ

ᠠᠷᠠᠳ ᠤᠨ ᠬᠦᠷᠲᠡᠮᠵᠢ ᠶᠢᠨ ᠲᠥᠷᠥᠭᠳᠡᠯ ᠲᠡᠩᠴᠡᠭᠦᠷᠢ ᠦᠭᠡᠢ᠂ ᠲᠡᠭᠰᠢ ᠦᠭᠡᠢ᠂ ᠭᠦᠢᠴᠡᠳ ᠦᠭᠡᠢ ᠵᠡᠷᠭᠡ

ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ

ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢᠨ ᠲᠥᠯᠥᠭᠡ ᠶᠤᠮ᠃ ᠬᠠᠷᠢᠶ᠎ᠠ ᠣᠷᠣᠨ ᠤ ᠰᠠᠭᠤᠭᠠᠯᠢ ᠠᠷᠠᠳ ᠤᠨ

ᠨᠠᠰᠤᠨ ᠤ ᠪᠦᠲᠦᠴᠡ᠂ ᠠᠵᠢᠯ ᠮᠡᠷᠭᠡᠵᠢᠯ ᠤᠨ ᠣᠨᠴᠠᠯᠢᠭ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂

ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠴᠢᠳᠠᠪᠬᠢ ᠶᠢᠨ ᠠᠭᠤᠯᠭ᠎ᠠ ᠪᠠᠨ ᠲᠡᠭᠦᠯᠳᠡᠷᠵᠢᠭᠦᠯᠵᠦ᠂ ᠡᠬᠢ

ᠪᠠᠶᠠᠯᠢᠭ ᠤᠨ ᠲᠣᠬᠢᠷᠠᠭᠤᠯᠤᠯᠲᠠ ᠪᠠᠨ ᠰᠠᠶᠢᠲᠤᠷ ᠬᠢᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠤᠯᠠᠨ ᠤ ᠠᠮᠢᠳᠤᠷᠠᠯ ᠢ

ᠨᠡᠩ ᠲᠦᠭᠦᠮ᠂ ᠨᠡᠩ ᠲᠠᠭᠠᠯᠠᠮᠵᠢᠲᠠᠢ ᠪᠣᠯᠭᠠᠬᠤ ᠬᠡᠷᠡᠭᠲᠡᠢ᠃ ᠵᠠᠯᠭᠠᠯᠳᠤᠭᠰᠠᠨ ᠲᠣᠭᠤᠷᠢᠭ ᠤᠨ ᠠᠵᠤ ᠦᠢᠯᠡᠰ ᠤᠨ

ᠲᠥᠯᠦᠪᠵᠢᠭᠦᠯᠭᠡ ᠪᠣᠯᠣᠨ ᠴᠢᠳᠠᠪᠬᠢ ᠶᠢᠨ ᠪᠠᠶᠢᠷᠢ ᠲᠣᠭᠲᠠᠭᠠᠯᠲᠠ ᠠᠴᠠ ᠡᠭᠦᠰᠴᠦ᠂ ᠬᠠᠭᠤᠴᠢᠨ ᠰᠠᠭᠤᠭᠠᠯᠢ

ᠠᠷᠠᠳ ᠤᠨ ᠲᠣᠭᠤᠷᠢᠭ ᠢ ᠥᠭᠡᠷᠡᠴᠢᠯᠡᠬᠦ᠂ ᠬᠤᠳᠠ ᠶᠢ ᠰᠢᠨᠡᠳᠬᠡᠬᠦ ᠲᠠᠢ ᠤᠶᠠᠯᠳᠤᠭᠤᠯᠵᠤ᠂ ᠣᠨᠴᠠᠯᠢᠭᠲᠤ ᠵᠡᠭᠡᠯᠢ

ᠲᠣᠭᠤᠷᠢᠭ ᠢ ᠨᠠᠷᠢᠨ ᠨᠢᠮᠪᠠᠢ ᠪᠠᠶᠢᠭᠤᠯᠵᠤ᠂ ᠠᠮᠲᠠᠲᠤ ᠢᠳᠡᠭᠡᠨ᠂ ᠰᠡᠯᠡᠭᠦᠴᠡᠯ᠂ ᠵᠢᠭᠤᠯᠴᠢᠯᠠᠯ ᠵᠡᠷᠭᠡ ᠡᠵᠡᠩᠨᠡᠯᠲᠡ ᠶᠢᠨ

ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠤᠯᠠᠨ ᠲᠦᠮᠡᠨ ᠤ ᠤᠯᠠᠨ ᠡᠰᠢᠴᠢᠯᠡᠭᠰᠡᠨ ᠬᠡᠷᠡᠭᠯᠡᠭᠡᠨ ᠤ ᠬᠡᠷᠡᠭᠴᠡᠭᠡ ᠶᠢ

ᠬᠠᠩᠭᠠᠬᠤ ᠬᠡᠷᠡᠭᠲᠡᠢ᠃ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠡᠯ᠎ᠡ ᠵᠦᠢᠯ ᠤᠨ ᠠᠵᠢᠯᠯᠠᠭ᠎ᠠ ᠶᠢ

ᠢᠳᠡᠪᠬᠢᠲᠡᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠢ ᠬᠥᠲᠥᠯᠥᠨ ᠵᠢᠯᠤᠭᠤᠳᠴᠤ ᠪᠠᠶᠢᠭᠠᠳ

ᠥᠷᠭᠡᠨ ᠢᠶᠠᠷ ᠣᠷᠣᠯᠴᠠᠭᠤᠯᠵᠤ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠡᠩ

ᠨᠢᠭᠲᠠᠷᠠᠭᠤᠯᠵᠤ᠂ ᠬᠥᠷᠰᠢ ᠵᠡᠷᠭᠡᠯᠡᠳᠡᠭᠡ ᠶᠢᠨ ᠠᠭᠤᠷ ᠠᠮᠢᠰᠬᠤᠯ ᠢ ᠨᠡᠩ ᠡᠶ᠎ᠡ ᠵᠣᠬᠢᠴᠠᠯ ᠲᠠᠢ ᠪᠣᠯᠭᠠᠬᠤ ᠬᠡᠷᠡᠭᠲᠡᠢ᠃

ᠡᠯ᠎ᠡ ᠱᠠᠳᠣ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠶᠢᠨ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ

ᠪᠣᠯᠪᠠᠰᠤᠷᠠᠭᠤᠯᠬᠤ ᠳᠠᠭᠠᠨ ᠴᠢᠳᠠᠮᠠᠭᠠᠢ ᠪᠠᠶᠢᠵᠤ᠂ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠲᠣᠯᠢ ᠪᠣᠯᠭᠠᠵᠤ᠂

ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠦᠷᠢᠯᠡᠵᠦ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ

ᠳᠡᠭᠡᠭᠰᠢᠯᠡᠭᠦᠯᠬᠦ ᠬᠡᠷᠡᠭᠲᠡᠢ ᠭᠡᠵᠡᠢ᠃

     ᠲᠠᠩ ᠢ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠴᠡᠴᠡᠷᠯᠢᠭ ᠨᠡᠶᠢᠭᠡᠮ ᠲᠣᠭᠤᠷᠢᠭ ᠤᠨ ᠬᠠᠮᠲᠤ ᠪᠠᠷ

ᠡᠳ᠋ᠯᠡᠬᠦ ᠨᠣᠮ ᠤᠨ ᠰᠠᠩ ᠳᠤ ᠬᠦᠷᠴᠦ᠂ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠣᠮ ᠤᠨ

ᠰᠠᠩ ᠤᠨ ᠭᠡᠰᠢᠭᠦᠨ ᠤ ᠲᠤᠭ᠎ᠠ᠂ ᠵᠢᠭᠡᠯᠡᠨ ᠤᠩᠰᠢᠭᠰᠠᠨ ᠬᠡᠮᠵᠢᠶ᠎ᠡ᠂ ᠬᠥᠮᠥᠨ ᠠᠮᠠ ᠶᠢᠨ ᠤᠷᠤᠰᠬᠠᠯ ᠤᠨ ᠤᠷᠬᠢᠯ ᠤᠨ

ᠦᠶ᠎ᠡ ᠵᠢᠴᠢ ᠨᠣᠮ ᠤᠨ ᠰᠠᠩ ᠤᠨ ᠡᠵᠡᠩᠨᠡᠯᠲᠡ ᠪᠣᠯᠣᠨ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ

ᠥᠷᠨᠢᠭᠦᠯᠦᠭᠰᠡᠨ ᠵᠡᠷᠭᠡ ᠪᠠᠶᠢᠳᠠᠯ ᠢ ᠨᠢ ᠣᠶᠢᠯᠠᠭᠠᠪᠠ᠃ ᠲᠡᠷᠡ ᠬᠡᠯᠡᠭᠰᠡᠨ ᠨᠢ᠂ ᠨᠢᠭᠡ ᠮᠦᠴᠡᠲᠤ ᠨᠡᠶᠢᠭᠡᠮ

ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠨᠡᠶᠢᠲᠡ ᠶᠢᠨ

ᠠᠰᠠᠷᠠᠮᠵᠢ ᠶᠢᠨ ᠴᠢᠨᠠᠷ ᠪᠣᠯᠣᠨ ᠵᠠᠬ᠎ᠠ ᠳᠡᠯᠭᠡᠭᠦᠷ ᠤᠨ ᠴᠢᠨᠠᠷ ᠢ ᠣᠷᠭᠠᠨᠢᠭ ᠢᠶᠠᠷ ᠤᠶᠠᠯᠳᠤᠭᠤᠯᠵᠤ᠂ ᠤᠯᠠᠨ ᠡᠰᠢᠲᠦ

ᠣᠷᠣᠭᠤᠯᠤᠯᠲᠠ ᠶᠢᠨ ᠲᠣᠭᠲᠠᠴᠠ ᠪᠠᠨ ᠪᠦᠷᠢᠨᠰᠢᠭᠦᠯᠵᠦ᠂ ᠲᠠᠯᠠᠪᠤᠷ ᠣᠷᠳᠣᠨ ᠤ ᠦᠷᠭᠦᠯᠵᠢᠯᠡᠨ ᠡᠵᠡᠩᠨᠡᠬᠦ ᠶᠢ

ᠪᠠᠲᠤᠯᠠᠬᠤ ᠬᠡᠷᠡᠭᠲᠡᠢ᠃ ᠬᠠᠮᠲᠤ ᠪᠠᠷ ᠡᠳ᠋ᠯᠡᠬᠦ ᠦᠢᠯᠡᠴᠢᠯᠡᠭᠡ ᠪᠠᠨ ᠰᠢᠯᠢᠳᠡᠭᠵᠢᠭᠦᠯᠵᠦ᠂ ᠨᠢᠭᠡ ᠪᠦᠯᠦᠭ ᠥᠪᠡᠷᠮᠢᠴᠡ

ᠣᠨᠴᠠᠯᠢᠭ ᠲᠠᠢ᠂ ᠭᠦᠨᠴᠡ ᠲᠠᠢ᠂ ᠲᠠᠲᠠᠬᠤ ᠬᠦᠴᠦᠨ ᠲᠠᠢ ᠨᠣᠮ ᠤᠨ ᠦᠨᠦᠷ ᠠᠮᠲᠠ ᠶᠢᠨ ᠰᠣᠶᠣᠯ ᠢ ᠪᠡᠶᠡᠴᠢᠯᠡᠨ

ᠣᠶᠢᠯᠠᠭᠠᠬᠤ ᠦᠵᠡᠭᠳᠡᠯ ᠢ ᠴᠢᠷᠮᠠᠶᠢᠨ ᠡᠭᠦᠳᠴᠦ᠂ ᠡᠯᠪᠡᠭ ᠪᠠᠶᠠᠯᠢᠭ ᠤᠯᠠᠨ ᠶᠠᠩᠵᠤ ᠶᠢᠨ ᠤᠩᠰᠢᠯᠭ᠎ᠠ ᠶᠢᠨ

ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠨ ᠨᠣᠮ ᠤᠩᠰᠢᠬᠤ᠂ ᠰᠠᠶᠢᠨ ᠨᠣᠮ ᠤᠩᠰᠢᠬᠤ ᠶᠢ ᠳᠠᠶᠢᠴᠢᠯᠠᠨ

ᠨᠢᠭᠡ ᠵᠦᠢᠯ ᠤᠨ ᠨᠡᠶᠢᠭᠡᠮ ᠤᠨ ᠬᠡᠪ ᠰᠤᠷᠲᠠᠯ ᠪᠣᠯᠭᠠᠵᠤ᠂ ︽ᠨᠣᠮ ᠤᠨ ᠦᠨᠦᠷ ᠬᠠᠩᠬᠤᠯᠤᠭᠰᠠᠨ ᠦᠬᠠᠢ︾ ᠶᠢ

ᠪᠦᠲᠦᠭᠡᠨ ᠪᠠᠶᠢᠭᠤᠯᠬᠤ ᠳᠤ ᠥᠩᠭᠡ ᠭᠡᠷᠡᠯ ᠨᠡᠮᠡᠷᠢᠯᠡᠬᠦ ᠬᠡᠷᠡᠭᠲᠡᠢ ᠭᠡᠵᠡᠢ᠃

     ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠠᠩ ᠢ ᠪᠠᠰᠠ ᠯᠢᠨ ᠶᠢᠨ ᠵᠡᠭᠡᠯᠢ ᠭᠤᠳᠤᠮᠵᠢ ᠶᠢᠨ ᠬᠠᠢ ᠰᠢᠨ

ᠨᠡᠶᠢᠭᠡᠮ ᠲᠣᠭᠤᠷᠢᠭ ᠤᠨ ᠬᠡᠷᠡᠭ ᠡᠷᠭᠢᠯᠡᠬᠦ ᠲᠢᠩᠬᠢᠮ ᠤᠨ ᠴᠤᠩᠬᠤᠪᠴᠢ ᠳᠤ ᠬᠦᠷᠴᠦ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠪᠠᠶᠢᠳᠠᠯ ᠢ ᠨᠢ ᠣᠶᠢᠯᠠᠭᠠᠪᠠ᠃ ᠲᠡᠷᠡ ᠬᠡᠯᠡᠭᠰᠡᠨ ᠨᠢ᠂ ᠣᠯᠠᠨ ᠲᠦᠮᠡᠨ ᠳᠤ ᠦᠢᠯᠡᠴᠢᠯᠡᠬᠦ᠂ ᠠᠵᠤ

ᠠᠬᠤᠶᠢᠯᠠᠯ ᠳᠤ ᠲᠥᠬᠦᠮ ᠦᠵᠡᠭᠦᠯᠬᠦ ᠪᠠᠷ ᠡᠭᠦᠰᠬᠡᠯ ᠪᠠ ᠲᠡᠭᠦᠰᠬᠡᠯ ᠪᠣᠯᠭᠠᠵᠤ᠂ ︽ᠰᠦᠯᠵᠢᠶᠡᠨ ᠳᠡᠭᠡᠷ᠎ᠡ ᠬᠦᠢᠴᠡᠳᠭᠡᠬᠦ︾

︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ ᠶᠢ ᠳᠡᠯᠭᠡᠷᠡᠭᠦᠯᠬᠦ ᠡᠷᠴᠢᠮ ᠢᠶᠠᠨ ᠤᠯᠠᠮ ᠨᠢᠭᠡ ᠠᠯᠬᠤᠮ

ᠴᠢᠩᠭᠠᠷᠠᠭᠤᠯᠵᠤ᠂ ᠡᠯ᠎ᠡ ᠲᠥᠷᠥᠯ ᠤᠨ ᠭᠡᠷᠡᠴᠢᠯᠡᠬᠦ ᠵᠦᠢᠯᠡᠰ ᠢ ᠨᠢ ᠪᠠᠭᠠᠰᠬᠠᠨ᠂ ᠠᠷᠠᠳ ᠣᠯᠠᠨ ᠪᠠ ᠵᠠᠬ᠎ᠠ

ᠳᠡᠯᠭᠡᠭᠦᠷ ᠤᠨ ᠪᠡᠶᠡᠴᠢ ᠴᠣᠭᠴᠠ ᠳᠤ ᠨᠠᠩ ᠰᠢᠯᠢᠳᠡᠭ ᠪᠥᠭᠡᠳ ᠳᠥᠭᠦᠮ ᠳᠥᠲᠡ ᠦᠢᠯᠡᠴᠢᠯᠡᠭᠡ ᠬᠠᠩᠭᠠᠬᠤ

ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号