ᠬᠤᠲᠠ ᠶᠢᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/3
     4 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠲᠡᠭᠡᠷᠡᠭᠢ ᠪᠠ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠨ ᠰᠤᠷᠤᠯᠴᠠᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠤᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠪᠠ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠬᠦ ᠪᠠ ᠠᠵᠢᠯ ᠰᠡᠷᠭᠦᠭᠡᠬᠦ᠂ ︽ᠭᠤᠷᠪᠠ ᠶᠢ ᠨᠡᠶᠢᠳᠭᠡᠬᠦ︾᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠠᠤᠯᠢ ᠲᠣᠭᠲᠠᠭᠠᠯ ᠢ ᠵᠥᠷᠢᠴᠡᠨ ᠭᠠᠵᠠᠷ ᠬᠡᠷᠡᠭᠯᠡᠭᠰᠡᠨ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠲᠡᠭᠡᠷᠡᠭᠢ ᠪᠠ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠦᠯᠲᠡᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠢᠯᠠᠩᠭᠤᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠪᠠᠷ ᠰᠢᠪᠲᠤᠯᠤᠯᠲᠠ ᠶᠢᠨ ᠴᠢᠭ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠤᠮᠳᠠᠬᠢ ᠲᠤᠷᠰᠢᠯᠲᠠ ᠶᠢᠨ ᠰᠠᠭᠤᠷᠢᠨ ᠭᠠᠵᠠᠷ ᠵᠡᠷᠭᠡ ᠲᠠᠪᠴᠠᠩ ᠤᠨ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠦᠴᠦᠯᠡᠨ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠴᠢᠩᠭᠠᠳᠬᠠᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠬᠠᠢ ᠵᠢᠴᠢ ᠡᠷᠬᠢᠨ ᠲᠣᠭᠤᠷᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠨᠡᠶᠢᠳᠬᠡᠬᠦ ᠶᠢ ᠢᠳᠡᠪᠬᠢᠲᠡᠢ ᠠᠬᠢᠭᠤᠯᠵᠤ᠂ ᠬᠠᠮᠢᠶᠠᠷᠤᠯᠲᠠ ᠶᠢᠨ ᠪᠠᠶᠢᠭᠤᠯᠤᠮᠵᠢ ᠪᠠᠨ ᠰᠢᠯᠤᠭᠤᠳᠬᠠᠵᠤ᠂ ᠣᠷᠣᠨ ᠪᠦᠰᠡ ᠶᠢᠨ ᠬᠠᠮᠲᠤᠷᠠᠨ ᠬᠦᠳᠡᠯᠦᠯᠴᠡᠭᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠲᠥᠰᠥᠯ ᠢᠶᠠᠨ ᠤᠨᠢᠨ ᠳᠡᠭᠡᠷ᠎ᠡ ᠨᠢ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ  ᠪᠠᠨ ᠨᠠᠷᠢᠯᠢᠭᠵᠢᠭᠤᠯᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠡᠷᠡ ᠴᠢᠭ ᠢᠶᠠᠷ ᠨᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠲᠣᠪᠣᠶᠢᠮ᠎ᠠ ᠠᠰᠠᠭᠤᠳᠠᠯ ᠪᠣᠯᠣᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠠᠮᠢ ᠠᠬᠤᠢ ᠶᠢᠨ ᠵᠠᠰᠠᠯᠲᠠ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ  ᠪᠠᠨ ᠲᠦᠷᠭᠡᠳᠬᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠭᠤᠣᠯᠳᠠᠯᠭ᠎ᠠ ᠲᠠᠢ ᠲᠦᠷᠦᠯ ᠵᠦᠢᠯ ᠤᠨ ᠭᠠᠷ ᠭᠦᠢᠴᠡᠳᠬᠡᠯ ᠤᠨ ᠪᠦᠷᠢᠨ ᠭᠦᠢᠴᠡᠳ ᠪᠠᠶᠢᠬᠤ ᠨᠤᠷᠮ᠎ᠠ᠂ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠨᠤᠷᠮ᠎ᠠ᠂ ᠪᠡᠯᠡ ᠮᠥᠩᠭᠦ ᠰᠢᠯᠵᠢᠭᠦᠯᠦᠨ ᠥᠭᠬᠦ ᠨᠤᠷᠮ᠎ᠠ ᠳᠣᠣᠷ᠎ᠠ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠦᠷᠦᠯ ᠤᠨ ᠲᠦᠷᠦᠯ ᠵᠦᠢᠯ ᠤᠨ ᠠᠯᠢ ᠲᠦᠷᠭᠡᠨ ᠢᠶᠠᠷ ᠠᠵᠢᠯ ᠡᠬᠢᠯᠡᠭᠦᠯᠬᠦ᠂ ᠲᠦᠷᠭᠡᠨ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ᠂ ᠢᠳᠡᠪᠬᠢᠲᠡᠢ ᠪᠠᠷ ᠤᠷᠢᠵᠤ ᠠᠪᠴᠢᠷᠠᠨ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠤᠷᠢᠬᠤ ᠪᠠᠨ ᠴᠢᠩᠭᠠᠳᠬᠠᠵᠤ᠂ ᠨᠢᠭᠡ ᠪᠦᠯᠦᠭ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠲᠣᠮᠣ ᠲᠦᠷᠦᠯ ᠵᠦᠢᠯ ᠰᠠᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠭᠤᠷᠬᠠᠢ ᠶᠢᠨ ᠡᠷᠬᠡ᠂ ᠨᠡᠬᠦᠷᠡᠰᠦ ᠬᠡᠦᠷᠰᠢᠭᠦᠯᠬᠦ᠂ ᠨᠡᠭᠦᠷᠡᠰᠦ ᠤᠬᠢᠶᠠᠬᠤ ︽ᠭᠤᠷᠪᠠ ᠶᠢ ᠨᠡᠶᠢᠳᠬᠡᠬᠦ︾ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠡᠷᠴᠢᠮᠯᠢᠭ᠂ ᠲᠦᠪᠯᠡᠷᠡᠭᠰᠡᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠴᠠᠭ ᠤᠨ ᠬᠢᠵᠠᠭᠠᠷ ᠢᠶᠠᠨ ᠴᠢᠩᠭ᠎ᠠ ᠠᠳᠬᠤᠨ᠂ ᠡᠮᠬᠢ ᠲᠢᠭᠯᠢᠮ ᠲᠠᠢ ᠪᠠᠷ ᠲᠦᠯᠬᠢᠨ ᠠᠬᠢᠭᠤᠯᠵᠤ᠂ ᠦᠯᠡᠳᠡᠭᠡᠯ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠨ᠂ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠵᠤ᠂ ᠠᠰᠠᠭᠤᠳᠠᠯ ᠤᠨ ᠬᠥᠮᠥᠷᠭᠡ ᠶᠢ ᠲᠤᠶᠢᠯᠪᠤᠷᠢᠲᠠᠢ ᠴᠡᠪᠡᠷᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ 2024 ᠣᠨ ᠤ ᠬᠤᠲᠠ ᠶᠢᠨ ᠳᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽︿ᠮᠢᠩᠭᠠᠨ ᠲᠣᠰᠬᠤᠨ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︽ᠦᠬᠠᠢ ᠬᠤᠲᠠ ᠶᠢᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ ᠶᠢ ᠲᠦᠷᠭᠡᠳᠬᠡᠨ ᠪᠣᠶᠢᠵᠢᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ︾ ︽ᠦᠬᠠᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭᠠᠨ ᠤ ᠲᠥᠰᠥᠯ︾ ᠢ ᠬᠢᠨᠠᠨ ᠵᠥᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号