ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ ᠹᠧᠩ ᠰᠢᠤᠸᠠᠢ ᠲᠤᠤ ᠬᠤᠷᠠᠯ ᠡᠷᠭᠢᠯᠡᠵᠦ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2024/4/30
     4 ᠰᠠᠷ᠎ᠠ ᠶᠢᠨ 29 ᠤ ᠡᠳᠦᠷ᠂ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠣᠣ ᠬᠤᠷᠠᠯ ᠡᠷᠬᠢᠯᠡᠵᠦ ᠶᠠᠷᠢᠶ᠎ᠠ ᠲᠠᠯᠪᠢᠪᠠ᠂ ᠳᠡᠳ᠋ ᠡᠷᠬᠢᠯᠡᠭᠴᠢ ᠪᠠᠶ ᠬᠠᠶ ᠷᠦᠩ᠂ ᠸᠠᠩ ᠶᠢᠨ᠂ ᠸᠧᠶ ᠠᠶ ᠯᠢᠨ᠂ ᠴᠢᠩ ᠭᠧ ᠯᠤ᠋᠂ ᠰᠥᠩ ᠶᠤᠸᠠᠢ ᠰᠢᠶᠠ᠂ ᠷᠧᠨ ᠵᠢᠶ ᠬᠤᠸᠠ ᠪᠣᠯᠤᠨ ᠨᠠᠷᠢᠨ ᠪᠢᠴᠢᠭ ᠤᠨ ᠳᠠᠷᠤᠭ᠎ᠠ ᠲᠢᠶᠠᠨ ᠵᠦ ᠵᠢᠶᠦ᠋ᠨ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 34 ᠬᠥᠮᠦᠨ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧᠩ ᠬᠠᠶ ᠵᠢᠶᠦ᠋ᠨ᠂ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠸᠠᠩ ᠰᠢᠶᠤᠤ ᠵᠢᠶᠦ᠋ᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠶᠡᠷᠦᠩᠬᠡᠶᠢᠯᠡᠭᠰᠡᠨ ᠮᠡᠳᠡᠭᠦᠯᠦᠯᠲᠡ᠂ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ 2023 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ 2023 ᠣᠨ ᠤ ᠪᠦᠬᠦ ᠬᠤᠲᠠ ᠶᠢᠨ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ ᠪᠦᠬᠦ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ᠂ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ﹀ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾ ᠶᠢᠨ ᠲᠤᠬᠠᠢ ᠮᠡᠳᠡᠭᠦᠯᠦᠯᠲᠡ᠂ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ᠦᠬᠠᠶ ᠬᠤᠲᠠ ᠶᠢᠨ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠦᠷᠢᠮ﹀ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ᠂ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠠᠵᠢᠯ ᠢ ᠬᠢᠨᠠᠨ ᠵᠥᠪᠯᠡᠭᠰᠡᠨ ᠰᠠᠨᠠᠯ︾ ᠢ ᠨᠠᠶᠢᠳᠠᠪᠤᠷᠢᠵᠢᠭᠤᠯᠬᠤ ᠲᠤᠬᠠᠶ ᠮᠡᠳᠡᠭᠦᠯᠦᠯᠲᠡ ᠶᠢ ᠰᠣᠨᠤᠰᠴᠤ ᠬᠢᠨᠠᠨ ᠵᠥᠪᠯᠡᠵᠦ ᠪᠠᠲᠤᠯᠠᠪᠠ᠃ ︽ᠦᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ᠦᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠲᠦᠷᠢᠮ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ ︵ᠲᠥᠰᠦᠯ︶︾ ᠪᠠ ︽ᠦᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠥᠬᠦᠶ ᠠᠵᠢᠯ ᠤᠨ ᠪᠠᠶᠢᠭᠤᠯᠤᠮᠵᠢ ᠶᠢᠨ ᠨᠡᠷ᠎ᠡ ᠶᠢ ᠬᠠᠯᠠᠬᠤ ᠲᠤᠬᠠᠶ ᠲᠣᠭᠲᠠᠭᠠᠯ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ᠃      ᠬᠤᠷᠠᠯ ᠠᠴᠠ ᠵᠢᠭᠠᠨ ᠭᠠᠷᠭᠠᠭᠰᠠᠨ ᠨᠢ᠂ ᠬᠢᠨᠠᠨ ᠵᠥᠪᠯᠡᠭᠰᠡᠨ ᠰᠠᠨᠠᠯ ᠤᠨ ᠨᠠᠶᠢᠳᠠᠪᠤᠷᠢᠵᠢᠭᠤᠯᠤᠯᠲᠠ ᠶᠢ ᠮᠥᠷᠳᠡᠨ ᠱᠠᠯᠠᠪᠳᠠᠭᠤᠯᠤᠨ ᠭᠦᠢᠴᠡᠳᠬᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ︽ᠨᠢᠭᠡ ᠵᠠᠰᠠᠭ ᠤᠨ ᠣᠷᠳᠣᠨ ᠬᠤᠶᠠᠷ ᠬᠤᠷᠢᠶ᠎ᠠ︾ ᠶᠢ ᠱᠠᠯᠠᠪᠳᠠᠭᠤᠯᠤᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠤᠲᠠᠭᠤᠳᠠᠯ ᠪᠠᠭᠤᠷᠠᠢ ᠲᠠᠯ᠎ᠠ ᠶᠢ ᠨᠥᠬᠦᠪᠥᠷᠢᠯᠡᠵᠦ᠂ ᠲᠥᠯᠥᠭᠡᠯᠡᠭᠴᠢᠳ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠲᠦᠮᠡᠨ ᠤ ᠳᠤᠮᠳᠠ ᠠᠴᠠ ᠢᠷᠡᠬᠦ᠂ ᠠᠷᠠᠳ ᠲᠦᠮᠡᠨ ᠤ ᠳᠤᠮᠳᠠ ᠦᠨᠳᠦᠰᠦᠯᠡᠬᠦ ᠣᠨᠴᠠᠯᠢᠭ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠬᠥᠮᠦᠰ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠷᠠᠳ ᠤᠯᠠᠨ ᠯᠤᠭ᠎ᠠ ᠶᠢᠨ ᠬᠠᠷᠢᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠲᠦᠷᠦ ᠶᠢᠨ ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠠᠷᠠᠳ ᠤᠨ ᠰᠠᠨᠠᠭ᠎ᠠ ᠬᠦᠰᠡᠯ ᠱᠠᠭᠠᠷᠳᠠᠯᠭ᠎ᠠ ᠶᠢ ᠴᠤᠭᠯᠠᠭᠤᠯᠤᠨ᠂ ᠠᠷᠠᠳ ᠤᠯᠠᠨ ᠤ ᠰᠠᠨᠠᠯ ᠬᠦᠰᠡᠯ ᠱᠠᠭᠠᠷᠳᠠᠯᠭ᠎ᠠ ᠶᠢ ᠦᠨᠡᠨ ᠬᠦ ᠲᠤᠰᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾ ᠤᠨ ᠰᠢᠰᠲ᠋ᠧᠮ ᠤᠨ ᠪᠠᠶᠢᠭᠤᠯᠤᠯᠲᠠ ᠵᠢᠴᠢ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠮᠡᠳᠡᠭᠡ ᠵᠠᠩᠭᠢᠵᠢᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠪᠠᠶᠢᠭᠤᠯᠤᠯᠭ᠎ᠠ ᠶᠢᠨ ᠮᠡᠳᠡᠭᠡ ᠵᠠᠩᠭᠢᠵᠢᠯᠲᠠ ᠶᠢᠨ ᠠᠯᠪᠠᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠳᠤ ᠦᠷ᠎ᠡ ᠠᠰᠢᠭ ᠣᠯᠭᠤᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号