ᠦᠬᠠᠶ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠠᠯᠠᠱᠠ ᠠᠶᠢᠮᠠᠭ ᠲᠤ ᠬᠦᠷᠴᠦ ᠣᠷᠣᠨ ᠪᠦᠰᠡ ᠶᠢᠨ ᠬᠠᠮᠵᠢᠯᠴᠠᠭᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠢ ᠬᠠᠮᠲᠤᠪᠠᠷ ᠵᠥᠪᠳᠡᠯᠴᠡᠪᠡ
ᠨᠡᠶᠢᠲᠡᠯᠡᠭᠰᠡᠨ ᠴᠠᠭ᠄
2024/4/30
     ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠤᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠪᠦᠯᠬᠦᠮ ᠳᠠᠭᠠᠭᠤᠯᠤᠨ ᠠᠯᠠᠱᠠ ᠠᠶᠢᠮᠠᠭ ᠲᠤ ᠬᠦᠷᠴᠦ ᠰᠢᠨᠵᠢᠯᠡᠨ ᠪᠠᠶᠢᠴᠠᠭᠠᠨ ᠰᠣᠷᠣᠯᠴᠠᠵᠤ᠂ ᠶᠠᠷᠢᠯᠴᠠᠨ ᠰᠣᠯᠢᠯᠴᠠᠪᠠ᠃ ᠬᠤᠶᠠᠷ ᠭᠠᠵᠠᠷ ᠤᠨ ᠬᠢᠨ ᠣᠷᠣᠨ ᠪᠦᠰᠡ ᠶᠢᠨ ᠬᠠᠮᠵᠢᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠥᠬᠦᠶ ᠠᠵᠢᠯᠯᠠᠭ᠎ᠠ ᠳᠤ ᠣᠷᠣᠯᠴᠠᠪᠠ᠃

     ᠶᠠᠷᠢᠯᠴᠠᠬᠤ ᠬᠤᠷᠠᠯ ᠳᠡᠭᠡᠷ᠎ᠡ᠂ ᠬᠤᠸᠠᠩ ᠶᠠ ᠯᠢ ᠠᠯᠠᠱᠠ ᠠᠶᠢᠮᠠᠭ ᠤᠨ ᠦᠨᠳᠦᠰᠦᠨ ᠪᠠᠶᠢᠳᠠᠯ ᠢᠶᠠᠨ

ᠲᠠᠨᠢᠯᠴᠠᠭᠤᠯᠵᠤ᠂ ᠣᠷᠣᠨ ᠪᠦᠰᠡ ᠶᠢᠨ ᠬᠠᠮᠵᠢᠯᠴᠠᠭ᠎ᠠ ᠶᠢ ᠭᠠᠷ ᠬᠤᠯᠪᠣᠯᠴᠠᠨ ᠭᠦᠨᠵᠡᠭᠡᠶᠢᠷᠡᠭᠦᠯᠵᠦ᠂ ᠬᠤᠯᠪᠣᠯᠳᠤᠨ

ᠨᠡᠪᠲᠡᠷᠡᠯᠴᠡᠬᠦ ᠪᠠᠨ ᠴᠢᠩᠭᠠᠳᠬᠠᠵᠤ᠂ ᠬᠤᠶᠠᠷ ᠭᠠᠵᠠᠷ ᠤᠨ ᠬᠠᠮᠵᠢᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢ

ᠬᠠᠮᠲᠤᠪᠠᠷ ᠠᠬᠢᠭᠤᠯᠬᠤ ᠲᠤᠬᠠᠢ ᠬᠦᠰᠡᠯ ᠪᠠ ᠢᠲᠡᠭᠡᠯ ᠢᠶᠠᠨ ᠢᠯᠡᠳᠬᠡᠪᠡ᠃ ᠼᠦᠢ ᠵᠢᠩ ᠶᠢᠩ ᠪᠣᠯᠤᠨ ᠪᠠᠢ ᠬᠠᠢ

ᠯᠢᠨ ᠲᠤᠰ ᠲᠤᠰ ᠬᠤᠶᠠᠷ ᠭᠠᠵᠠᠷ ᠤᠨ ᠬᠠᠮᠲᠤᠷᠠᠯᠴᠠᠭᠠᠨ ᠤ ᠬᠥᠭᠵᠢᠯᠲᠡ ᠶᠢᠨ ᠪᠠᠶᠢᠳᠠᠯ ᠢᠶᠠᠨ ᠲᠠᠨᠢᠯᠴᠠᠭᠤᠯᠪᠠ᠃

ᠬᠤᠶᠠᠷ ᠭᠠᠵᠠᠷ ᠤᠨ ᠬᠢᠨ ᠠᠵᠤ ᠦᠢᠯᠡᠰ ᠤᠨ ᠬᠥᠭᠵᠢᠯᠲᠡ ᠶᠢ ᠠᠭᠤᠰᠤᠯᠴᠠᠭᠤᠯᠤᠨ ᠬᠠᠷᠢᠯᠴᠠᠨ ᠠᠬᠢᠭᠤᠯᠬᠤ᠂

ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠡᠷᠭᠡ ᠪᠠᠷ ᠤᠷᠤᠭᠰᠢᠯᠠᠭᠤᠯᠬᠤ᠂ ᠰᠠᠭᠤᠷᠢ

ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠠᠮᠢ ᠠᠬᠤᠢ ᠣᠷᠴᠢᠨ ᠲᠣᠭᠤᠷᠢᠨ ᠢ ᠬᠤᠯᠪᠣᠭᠠᠯᠠᠨ ᠰᠡᠷᠭᠡᠶᠢᠯᠡᠵᠦ

ᠬᠤᠯᠪᠣᠭᠠᠯᠠᠨ ᠡᠵᠡᠮᠳᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ

ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠨᠠᠷᠢᠨ ᠲᠠᠩᠰᠠ ᠶᠢ ᠪᠦᠷᠢᠯᠳᠦᠭᠦᠯᠪᠡ᠃

     ᠲᠠᠩ ᠢ ᠬᠡᠯᠡᠭᠰᠡᠨ ᠨᠢ᠂ ᠠᠯᠠᠱᠠ ᠠᠶᠢᠮᠠᠭ ᠤᠨ ᠭᠠᠵᠠᠷ ᠨᠤᠲᠤᠭ ᠥᠷᠭᠡᠨ ᠠᠭᠤᠳᠠᠮ᠂ ᠡᠬᠢ ᠪᠠᠶᠠᠯᠢᠭ ᠡᠯᠪᠡᠭ᠂

ᠰᠠᠯᠬᠢ ᠬᠡᠷᠡᠯ ᠤᠨ ᠡᠭᠢ ᠪᠠᠶᠠᠯᠢᠭ ᠬᠢᠵᠠᠭᠠᠯᠠᠰᠢ ᠦᠭᠡᠢ ᠪᠠᠶᠢᠵᠤ᠂ ᠭᠠᠵᠠᠷ ᠪᠣᠯᠭᠠᠨ ᠳᠤ ᠬᠥᠭᠵᠢᠯᠲᠡ ᠶᠢ ᠶᠡᠬᠡᠪᠡᠷ

ᠠᠳᠬᠤᠬᠤ ᠭᠦᠨ ᠵᠤᠵᠠᠭᠠᠨ ᠠᠭᠤᠷ ᠠᠮᠢᠰᠬᠤᠯ᠂ ᠡᠳᠦᠷ ᠠᠴᠠ ᠡᠳᠦᠷ ᠥᠭᠡᠳᠡᠯᠡᠨ ᠳᠡᠭᠵᠢᠷᠡᠬᠦ ᠬᠥᠭᠵᠢᠯᠲᠡ ᠶᠢᠨ

ᠪᠠᠶᠢᠳᠠᠯ ᠢᠯᠡᠷᠡᠵᠦ᠂ ᠦᠬᠠᠢ ᠰᠤᠷᠤᠯᠴᠠᠨ ᠲᠣᠯᠢᠯᠠᠭᠤᠰᠢᠲᠠᠢ ᠮᠠᠰᠢ ᠤᠯᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠪᠤᠢ᠃

ᠤᠢᠢᠷ᠎ᠠ ᠶᠢᠨ ᠬᠡᠳᠦᠨ ᠵᠢᠯ ᠳᠤ᠂ ᠦᠬᠠᠢ ᠬᠤᠳᠠ ᠶᠢᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ

ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ

ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ

ᠪᠣᠯᠤᠨ ᠰᠢᠨ᠎ᠡ ᠴᠠᠭ ᠦᠶ᠎ᠡ ᠶᠢᠨ ᠬᠠᠲᠠᠭᠤ ᠶᠣᠰᠣ ᠤᠴᠢᠷ ᠢ ᠴᠢᠩᠭ᠎ᠠ ᠡᠵᠡᠮᠳᠡᠵᠦ᠂ ᠬᠤᠶᠠᠷ ᠶᠡᠭᠡ ᠶᠠᠪᠤᠳᠠᠯ ᠪᠣᠯᠤᠨ

ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠲᠤᠮᠳᠠ ᠲᠦᠪᠰᠢᠨ ᠳᠤ ᠣᠷᠣᠬᠤ︾ ᠬᠠᠷᠠᠯᠲᠠ ᠶᠢ

ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠠᠮᠢ ᠠᠬᠤᠢ ᠶᠢ ᠲᠠᠬᠢᠨ

ᠴᠣᠭᠴᠠᠯᠠᠬᠤ᠂ ᠠᠵᠤ ᠦᠢᠯᠡᠰ ᠤᠨ ᠠᠮᠢ ᠠᠬᠤᠢ ᠶᠢ ᠲᠠᠬᠢᠨ ᠪᠠᠶᠢᠭᠤᠯᠬᠤ᠂ ᠪᠠᠶᠢᠭᠠᠯᠢ ᠶᠢᠨ ᠠᠮᠢ ᠠᠬᠤᠢ ᠶᠢ ᠲᠠᠬᠢᠨ

ᠰᠡᠷᠭᠦᠭᠡᠬᠦ ᠶᠢ ᠶᠡᠬᠡᠪᠡᠷ ᠠᠬᠢᠭᠤᠯᠵᠤ᠂ ᠡᠯ᠎ᠡ ᠵᠦᠢᠯ ᠤᠨ ᠦᠢᠯᠡᠰ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠤ᠂

ᠭᠠᠵᠠᠷ ᠣᠷᠣᠨ ᠤ ᠬᠥᠭᠵᠢᠯᠲᠡ ᠨᠡᠩ ᠤᠶᠠᠨ ᠬᠠᠳᠠᠨ ᠴᠢᠨᠠᠷᠲᠠᠢ᠂ ᠨᠡᠩ ᠦᠷᠭᠦᠯᠵᠢᠯᠡᠬᠦ ᠴᠢᠨᠠᠷᠳᠠᠢ᠂ ᠨᠡᠩ

ᠠᠮᠢᠵᠢᠷᠠᠯ ᠤᠨ ᠬᠦᠴᠦᠨ ᠲᠠᠢ ᠪᠣᠯᠵᠠᠢ᠃ ᠣᠳᠣᠬᠠᠨ ᠳᠤ᠂ ᠪᠢᠳᠡ ᠶᠠᠭ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ

ᠬᠡᠯᠪᠡᠷᠢ ᠪᠠᠨ ᠬᠤᠪᠢᠷᠠᠭᠤᠯᠬᠤ ᠪᠣᠳᠠᠲᠤ ᠪᠠᠶᠢᠳᠠᠯ ᠳᠤ ᠰᠠᠭᠤᠷᠢᠯᠠᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ

ᠪᠠ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠮᠢ ᠠᠬᠤᠶ ᠶᠢ

ᠤᠷᠢᠳᠠᠪᠡᠷ ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ

ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ ᠪᠠᠶᠢᠨ᠎ᠠ᠃ ᠠᠯᠠᠱᠠ ᠪᠣᠯᠤᠨ ᠦᠬᠠᠢ ᠠᠭᠤᠯᠠ

ᠤᠰᠤ ᠪᠠᠷ ᠢᠶᠠᠨ ᠵᠠᠯᠭᠠᠯᠳᠤᠵᠤ᠂ ᠭᠠᠵᠠᠷ ᠨᠤᠲᠤᠭ ᠨᠢ ᠣᠶᠢᠷᠠᠯᠴᠠᠭ᠎ᠠ᠂ ᠰᠣᠶᠣᠯ ᠢᠷᠭᠡᠨᠰᠢᠯ ᠨᠢ ᠲᠤᠳᠣᠨᠣᠰᠤᠭ᠂ ᠵᠠᠩ

ᠳᠠᠳᠬᠠᠯ ᠨᠢ ᠠᠳᠠᠯᠢᠬᠠᠨ ᠪᠠᠶᠢᠵᠤ᠂ ᠠᠵᠤ ᠦᠢᠯᠡᠰ ᠤᠨ ᠬᠤᠯᠪᠣᠭᠳᠠᠯ ᠨᠢ ᠥᠨᠳᠥᠷ᠂ ᠬᠠᠷᠢᠯᠴᠠᠨ ᠨᠥᠬᠦᠪᠥᠷᠢᠯᠡᠬᠦ

ᠴᠢᠨᠠᠷ ᠢᠶᠠᠷ ᠮᠠᠰᠢ ᠴᠢᠩᠭ᠎ᠠ ᠪᠠᠶᠢᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ᠂ ᠬᠠᠳᠤᠨ ᠭᠤᠣᠯ ᠤᠨ

︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠠᠮᠵᠢᠯᠴᠠᠨ ᠰᠠᠶᠢᠲᠤᠷ ᠬᠢᠵᠦ᠂ ᠠᠮᠢ

ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠠᠮᠵᠢᠯᠴᠠᠨ ᠠᠬᠢᠭᠤᠯᠵᠤ᠂ ᠬᠠᠳᠤᠨ ᠭᠤᠣᠯ ᠤᠨ

ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠵᠢᠴᠢ ᠪᠣᠬᠢᠷᠲᠤᠯ ᠦᠭᠡᠢ

ᠡᠨᠧᠷᠭᠢ ᠶᠢ ᠰᠢᠩᠭᠡᠭᠡᠨ ᠠᠪᠬᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠨᠡᠭᠡᠭᠡᠨ

ᠬᠥᠭᠵᠢᠭᠦᠯᠬᠦ᠂ ᠬᠢᠯᠢ ᠳᠠᠭᠠᠤ ᠣᠷᠣᠨ ᠤ ᠬᠠᠷᠢᠯᠴᠠᠨ ᠦᠢᠯᠡᠳᠦᠯᠴᠡᠬᠦ ᠶᠢ ᠴᠢᠩᠭᠠᠳᠬᠠᠬᠤ ᠵᠡᠷᠭᠡ ᠤᠯᠠᠨ ᠲᠠᠯ᠎ᠠ ᠪᠠᠷ

ᠴᠥᠮ ᠬᠤᠯᠪᠣᠭᠠᠯᠠᠨ ᠬᠠᠮᠵᠢᠯᠴᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠵᠦ ᠴᠢᠳᠠᠬᠤ᠂ ᠥᠷᠭᠡᠨ

ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠲᠣᠰ ᠤᠳᠠᠭ᠎ᠠ ᠬᠤᠶᠠᠷ ᠭᠠᠵᠠᠷ ᠤᠨ ᠬᠠᠮᠲᠤᠷᠠᠯᠴᠠᠭᠠᠨ ᠤ

ᠵᠦᠪᠯᠡᠯᠴᠡᠭᠡᠷ ᠲᠤ ᠭᠠᠷ ᠤᠨ ᠥᠰᠥᠭ ᠵᠢᠷᠤᠭᠰᠠᠨ ᠶᠠᠪᠤᠳᠠᠯ ᠪᠣᠯ ᠬᠤᠶᠠᠷ ᠲᠠᠯ᠎ᠠ ᠶᠢᠨ ᠴᠢᠨᠠᠷ ᠰᠠᠶᠢᠲᠠᠶ

ᠬᠥᠭᠵᠢᠯᠲᠡ ᠶᠢ ᠴᠢᠩᠭᠠᠳᠬᠠᠬᠤ ᠨᠢᠭᠡ ᠤᠳᠠᠭᠠᠨ ᠤ ᠴᠢᠬᠤᠯᠠ ᠠᠵᠠ ᠲᠣᠬᠢᠶᠠᠯ ᠮᠥᠨ᠂ ᠡᠨᠡ ᠨᠢ ᠰᠢ ᠶᠢᠨ ᠫᠢᠩ

ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ᠂ ᠴᠢᠩ ᠰᠡᠳᠬᠢᠯ ᠤᠨ ᠨᠠᠶᠢᠳᠠᠯᠭ᠎ᠠ ᠶᠢ ᠬᠤᠶᠠᠷ ᠭᠠᠵᠠᠷ ᠤᠨ ᠡᠯ᠎ᠡ

ᠵᠦᠢᠯ ᠤᠨ ᠠᠵᠢᠯ ᠤᠨ ᠳᠤᠮᠳᠠ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠪᠣᠳᠠᠲᠠᠶ

ᠬᠢᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠪᠡᠶᠡᠯᠡᠬᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ

ᠨᠡᠭᠡᠭᠡᠵᠦ᠂ ᠲᠤᠮᠳᠠ ᠲᠦᠪᠰᠢᠨ ᠳᠤ ᠣᠷᠣᠬᠤ︾ ᠬᠠᠷᠠᠯᠲᠠ ᠳᠤ ᠭᠠᠷ ᠬᠤᠯᠪᠣᠨ ᠨᠠᠩ ᠶᠡᠭᠡ ᠬᠤᠪᠢ ᠨᠡᠮᠡᠷᠢ

ᠦᠵᠡᠭᠦᠯᠬᠦ ᠳᠤ ᠠᠰᠢᠭᠲᠠᠶ ᠶᠤᠮ ᠭᠡᠵᠡᠢ᠃

     ᠬᠤᠷᠠᠯ ᠠᠴᠠ ᠵᠥᠪᠳᠡᠯᠴᠡᠨ ᠲᠣᠭᠲᠠᠭᠰᠠᠨ ᠨᠢ᠂ ᠬᠤᠶᠠᠷ ᠭᠠᠵᠠᠷ ᠤᠨ ᠬᠢᠨ ᠣᠨ ᠤ ᠬᠠᠷᠠᠯᠲᠠ ᠡᠭᠦᠷᠭᠡ ᠪᠠᠨ

ᠨᠠᠷᠢᠯᠢᠬᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠯᠡᠬᠦ ᠲᠣᠭᠲᠠᠴᠠ ᠶᠢ ᠪᠠᠶᠢᠭᠤᠯᠵᠤ᠂ ᠲᠦᠷᠦᠯ ᠵᠦᠢᠯᠴᠢᠯᠡᠬᠦ᠂

ᠨᠠᠷᠢᠨ ᠳᠠᠩᠰᠠᠯᠠᠬᠤ ᠶᠢ ᠠᠬᠢᠭᠤᠯᠬᠤ ᠵᠥᠪᠯᠡᠯᠴᠡᠭᠡᠷ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂

ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠵᠡᠢ᠃

     ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠮᠠᠨ ᠤ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ

ᠪᠦᠯᠬᠦᠮ ᠥᠪᠥᠷ ᠮᠣᠩᠭᠤᠯ ᠤᠨ ᠯᠢᠩ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂

ᠠᠯᠠᠱᠠ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠲᠩᠷᠢ

ᠡᠯᠡᠰᠦᠨ ᠴᠦᠯ ᠤᠨ ︽ᠡᠯᠡᠰᠦ ᠭᠤᠪᠢ ᠲᠠᠴᠢᠷ ᠴᠦᠯ︾ ᠤᠨ ᠮᠢᠩᠭᠠᠨ ᠲᠦᠮᠡᠨ ᠺᠢᠯᠣᠸᠠᠲ ᠤᠨ ᠲᠠᠰ ᠤᠨ ᠰᠠᠯᠬᠢᠨ

ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ

ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠨᠢ ᠲᠣᠭᠤᠷᠢᠨ ᠦᠵᠡᠪᠡ᠃

     ᠠᠯᠠᠱᠠ ᠠᠶᠢᠮᠠᠭ ᠤᠨ ᠤᠳᠤᠷᠢᠳᠤᠯᠭ᠎ᠠ ᠸᠠᠩ ᠬᠠᠢ ᠢᠦᠢ᠂ ᠸᠧᠢ ᡁᠢ ᠭᠦᠸᠧ᠂ ᠪᠦᠦ ᠶᠧ᠂ ᠯᠢᠦ ᠴᠥᠩ

ᠰᠢᠶᠤᠤ᠂ ᠯᠢᠦ ᠳ᠋ᠧ ᠼᠦᠢ ᠲᠤᠰ ᠲᠤᠰ ᠶᠠᠷᠢᠯᠴᠠᠬᠤ ᠬᠤᠷᠠᠯ ᠪᠤᠶᠤ ᠬᠤᠯᠪᠣᠭᠳᠠᠯ ᠪᠦᠬᠦᠢ ᠠᠵᠢᠯᠯᠠᠭ᠎ᠠ ᠳᠤ

ᠣᠷᠣᠯᠴᠠᠪᠠ᠃ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ ᠴᠦᠨ ᠰᠢᠶᠤᠤ᠂ ᠵᠠᠩ ᠮᠢᠩ ᠮᠢᠩ᠂ ᠭᠤᠤ ᠪᠥᠸᠧ

ᠶᠠᠷᠢᠯᠴᠠᠬᠤ ᠬᠤᠷᠠᠯ ᠪᠠ ᠠᠵᠢᠯᠯᠠᠭ᠎ᠠ ᠳᠤ ᠣᠷᠣᠯᠴᠠᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号