ᠼᠦᠢ ᠵᠢᠩ ᠶᠢᠩ ᠠᠮᠢ ᠠᠬᠤᠢ ᠶᠢᠨ ᠬᠠᠮᠠᠭᠠᠯᠠᠯᠲᠠ᠂ ᠠᠵᠤ ᠠᠬᠤᠢ ᠶᠢᠨ ᠠᠵᠢᠯᠯᠠᠭᠠᠨ ᠪᠣᠯᠣᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/7
     4 ᠰᠠᠷ᠎ᠠ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠨᠠᠨ ᠲᠣᠭᠤᠷᠢᠭ ᠲᠤ ᠬᠦᠷᠴᠦ ᠠᠮᠢ ᠠᠬᠤᠢ ᠶᠢᠨ ᠬᠠᠮᠠᠭᠠᠯᠠᠯᠲᠠ᠂ ᠠᠵᠤ ᠠᠬᠤᠢ ᠶᠢᠨ ᠠᠵᠢᠯᠯᠠᠭᠠᠨ ᠪᠣᠯᠣᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠭᠤᠸ ᠪᠥᠸᠧ ᠣᠷᠣᠯᠴᠠᠪᠡ᠃

     ᠼᠦᠢ ᠵᠢᠩ ᠶᠢᠩ ᠨᠠᠷ ᠦᠵᠦᠭᠦᠷ ᠤᠨ ᠭᠤᠤᠯ ᠳᠤ ᠬᠦᠷᠴᠦ ᠬᠠᠤᠯᠢ ᠶᠢ ᠵᠥᠷᠢᠴᠡᠨ ᠤᠰᠤ ᠲᠠᠲᠠᠵᠤ ᠤᠰᠤ

ᠬᠡᠷᠡᠭᠯᠡᠭᠰᠡᠨ᠂ ᠭᠤᠣᠯ ᠤᠨ ᠡᠷᠭᠢ ᠶᠢᠨ ᠱᠤᠭᠤᠮ ᠤᠨ ᠬᠠᠮᠢᠶᠠᠷᠤᠯᠲᠠ ᠶᠢᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠰᠢ ᠶᠢᠨ ᠫᠢᠩ

 ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ

ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ

ᠰᠠᠨᠠᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠡᠭᠴᠡᠯᠡᠨ

ᠰᠠᠶᠢᠵᠢᠷᠠᠭᠤᠯᠬᠤ ᠪᠠᠨ ᠲᠦᠷᠭᠡᠨ ᠠᠬᠢᠭᠤᠯᠵᠤ᠂ ᠲᠦᠷᠭᠡᠨ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ

ᠬᠡᠷᠡᠭᠲᠡᠢ᠃ ᠬᠠᠲᠤᠨ ᠭᠤᠣᠯ ᠢ ᠬᠠᠮᠠᠭᠠᠯᠠᠬᠤ ᠬᠠᠤᠯᠢ ᠵᠡᠷᠭᠡ ᠬᠠᠤᠯᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂

ᠭᠤᠣᠯ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠤᠰᠤ ᠲᠠᠲᠠᠵᠤ

ᠬᠡᠷᠡᠭᠯᠡᠬᠦ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂

ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤ ᠬᠡᠷᠡᠭᠯᠡᠬᠦ ᠶᠢ ᠦᠨᠡᠨ ᠮᠥᠨ ᠢᠶᠠᠷ ᠨᠢ

ᠮᠡᠳᠡᠭᠦᠯᠦᠭᠰᠡᠨ ᠦᠭᠡᠢ᠂ ᠤᠰᠤᠨ ᠤ ᠡᠬᠢ ᠪᠠᠶᠠᠯᠢᠭ ᠤᠨ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠭᠰᠠᠨ ᠵᠡᠷᠭᠡ

ᠢᠯᠡᠷᠡᠭᠦᠯᠦᠭᠰᠡᠨ ᠦᠶᠯᠡ ᠠᠵᠢᠯᠯᠠᠭ᠎ᠠ ᠳᠤ ᠡᠷᠬᠡᠪᠰᠢ ︽ᠣᠭᠲᠣ ᠠᠭᠤᠴᠢᠯᠠᠬᠤ ᠦᠭᠡᠢ︾ ᠣᠪᠣᠷ ᠢᠶᠠᠷ ᠬᠠᠤᠯᠢ

ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ ᠭᠡᠵᠡᠢ᠃

     ᠥᠪᠥᠷ ᠮᠣᠩᠭᠤᠯ ᠤᠨ ᠾᠧ ᠯᠢ ᠬᠢᠮᠢ ᠶᠢᠨ ᠰᠢᠷᠬᠡᠭ ︵ᠪᠦᠯᠦᠭᠯᠡᠯ︶ ᠤᠨ ᠬᠢᠵᠠᠭᠠᠷᠲᠤ ᠺᠣᠮᠫᠠᠨᠢ᠂ ᠤᠯᠤᠰ ᠤᠨ

ᠡᠨᠧᠷᠭᠢ ᠶᠢᠨ ᠪᠦᠯᠦᠭᠯᠡᠯ ᠤᠨ ᠰᠢ ᠯᠠᠢ ᠹᠧᠩ ᠳᠠᠬᠢ ᠬᠤᠪᠢᠶᠠᠷᠢ ᠺᠣᠮᠫᠠᠨᠢ ᠶᠢᠨ ᠭᠤᠣᠯᠳᠠᠯᠭ᠎ᠠ ᠲᠠᠢ ᠲᠦᠷᠦᠯ

ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠼᠦᠢ ᠵᠢᠩ ᠶᠢᠩ ᠠᠵᠤ ᠠᠬᠤᠶᠢᠯᠠᠯ ᠤᠨ

ᠬᠠᠷᠢᠭᠤᠴᠠᠯᠭᠠᠲᠠᠨ ᠲᠠᠢ ᠲᠦᠷᠦᠯ ᠵᠦᠢᠯ ᠤᠨ ᠲᠥᠯᠦᠪᠵᠢᠭᠦᠯᠭᠡ᠂ ᠦᠢᠯᠡᠳᠬᠦᠨ ᠤ ᠪᠣᠷᠤᠯᠠᠭᠤᠯᠭ᠎ᠠ ᠵᠡᠷᠭᠡ

ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠲᠡᠷᠡ ᠬᠡᠯᠡᠭᠰᠡᠨ ᠨᠢ᠂ ᠬᠠᠶᠢᠨᠠᠨ ᠲᠣᠭᠤᠷᠢᠭ ᠤᠨ ᠬᠢᠨ

ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ

ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠨᠢ ᠵᠣᠬᠢᠴᠠᠭᠤᠯᠤᠨ ᠰᠢᠢᠳᠪᠦᠷᠢᠯᠡᠵᠦ᠂

ᠲᠦᠷᠦᠯ ᠵᠦᠢᠯ ᠤᠨ ᠦᠢᠯᠡᠳᠪᠦᠷᠢᠯᠡᠯ ᠳᠤ ᠤᠷᠤᠵᠤ ᠦᠷ᠎ᠡ ᠠᠰᠢᠭ ᠣᠯᠬᠤ ᠶᠢ ᠪᠦᠬᠦ ᠬᠦᠴᠦᠨ ᠢᠶᠠᠷ ᠢᠶᠠᠨ

ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠡᠢ᠃

ᠲᠡᠷᠡ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠭᠤᠣᠯ

ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠢ ᠳᠤ

ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢᠶᠠᠷ

ᠬᠥᠭᠵᠢᠭᠦᠯᠬᠦ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠠᠬᠢᠪᠠ᠃

     ᠬᠠᠶᠢᠨᠠᠨ ᠲᠣᠭᠤᠷᠢᠭ ᠤᠨ ᠤᠢ ᠰᠢᠭᠤᠶᠢᠲᠤ ᠴᠡᠴᠡᠷᠯᠢᠭ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂

ᠼᠦᠢ ᠵᠢᠩ ᠶᠢᠩ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠦᠷᠦᠯ ᠤᠨ ᠬᠥᠭᠵᠢᠯᠲᠡ᠂ ᠲᠦᠷᠦᠯ ᠵᠦᠢᠯ ᠤᠨ

ᠪᠦᠲᠦᠭᠡᠨ ᠪᠠᠶᠢᠭᠤᠯᠤᠯᠲᠠ ᠪᠣᠯᠣᠨ ᠪᠣᠷᠤᠯᠠᠭᠤᠯᠭ᠎ᠠ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠢ ᠨᠠᠷᠢᠨ

ᠣᠶᠢᠯᠠᠭᠠᠪᠠ᠃ ᠲᠡᠷᠡ ᠬᠡᠯᠡᠭᠰᠡᠨ ᠨᠢ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ ᠵᠦᠢᠯ ᠤᠨ ᠠᠷᠭ᠎ᠠ

ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ

ᠲᠥᠪᠯᠡᠷᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠭᠦᠨᠵᠡᠭᠡᠢ ᠥᠷᠨᠢᠭᠦᠯᠵᠦ᠂

ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ

ᠭᠡᠵᠡᠢ᠃ ᠲᠡᠷᠡ ᠠᠵᠤ ᠠᠬᠤᠶᠢᠯᠠᠯ ᠤᠨ ᠬᠢᠨ ᠰᠣᠳᠣᠨ ᠪᠦᠲᠦᠭᠡᠯ ᠤᠨ ᠤᠬᠠᠮᠰᠠᠷ ᠢ ᠪᠤᠢ ᠪᠣᠯᠭᠠᠵᠤ᠂ ᠴᠢᠳᠠᠮᠵᠢ

ᠲᠡᠭᠦᠯᠳᠡᠷ᠂ ᠢᠵᠢ ᠪᠦᠷᠢᠳᠦᠭᠰᠡᠨ ᠭᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠬᠥᠭᠵᠢᠭᠦᠯᠬᠦ ᠲᠦᠷᠦᠯ ᠵᠦᠢᠯ ᠢ

ᠪᠠᠶᠢᠭᠤᠯᠵᠤ᠂ ᠤᠯᠠᠨ ᠲᠦᠮᠡᠨ ᠤ ᠥᠨᠳᠥᠷ ᠶᠠᠰᠤ ᠴᠢᠨᠠᠷ ᠲᠠᠢ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠲᠤᠷ

ᠬᠠᠩᠭᠠᠬᠤ ᠬᠡᠷᠡᠭᠲᠡᠢ ᠭᠡᠵᠦ ᠵᠠᠬᠢᠪᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号