【ᠲᠤᠭ᠎ᠠ ᠪᠦᠷᠢᠳᠭᠡᠯ】2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠶᠢᠨ ᠰᠠᠭᠤᠷᠢ ᠮᠥᠩᠭᠦ ᠶᠢ ᠳ᠋ᠦᠩᠨᠡᠨ ᠪᠤᠳᠤᠬᠤ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/4/8
     ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ᠂ ᠪᠡᠯᠡ ᠮᠥᠩᠭᠦ ᠶᠢ ᠬᠠᠮᠢᠶᠠᠷᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠪ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠳ᠋ᠦᠩᠨᠡᠨ ᠪᠤᠳᠤᠬᠤ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠳ᠋ᠦᠩᠨᠡᠨ ᠪᠤᠳᠤᠵᠤ ᠮᠡᠳᠡᠭᠦᠯᠬᠦ ᠠᠵᠢᠯ ᠤᠨ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠬᠡᠨ ᠬᠠᠩᠭᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠪ ᠤᠨ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢᠨ ᠬᠡᠷᠡᠭᠰᠡᠬᠦ ᠲᠤᠭ᠎ᠠ ᠪᠠᠷᠢᠮᠲᠠ ᠵᠢᠴᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠢ ᠦᠨᠡᠨ ᠬᠦ ᠪᠠᠲᠤᠯᠠᠪᠡ᠃ ᠬᠤᠯᠪᠤᠭᠳᠠᠯ ᠪᠦᠬᠦᠢ ᠳ᠋ᠦᠩᠨᠡᠨ ᠪᠤᠳᠤᠬᠤ ᠠᠵᠢᠯᠲᠠᠨ ᠲᠠᠢ ᠬᠠᠮᠲᠤᠷᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠶᠡᠷᠦᠩᠬᠡᠢ ᠬᠥᠮᠥᠨ ᠤ ᠲᠤᠭ᠎ᠠ᠂ ᠪᠦᠬᠦᠯᠢ 60 ᠨᠠᠰᠤᠨ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ᠂ ᠲᠠᠷᠬᠠᠭᠠᠭᠰᠠᠨ ᠬᠥᠮᠥᠨ ᠤ ᠲᠤᠭ᠎ᠠ ᠶᠢ ᠨᠠᠷᠢᠨ ᠬᠢᠨᠠᠮᠠᠭᠠᠢ ᠬᠠᠷᠭᠤᠭᠤᠯᠵᠤ᠂ ᠲᠤᠭ᠎ᠠ ᠪᠠᠷᠢᠮᠲᠠ ᠶᠢ ᠬᠠᠷᠢᠴᠠᠭᠤᠯᠤᠨ ᠵᠠᠳᠠᠯᠬᠤ ᠶᠢ ᠰᠠᠶᠢᠲᠤᠷ ᠪᠡᠶᠡᠯᠡᠬᠦᠯᠪᠡ︔ ᠡᠭᠦᠨ ᠤ ᠬᠠᠮᠲᠤ ᠡᠳ᠋ ᠤᠨ ᠵᠠᠰᠠᠭ ᠤᠨ ᠰᠠᠯᠭᠠᠨ ᠥᠭᠭᠦᠭᠰᠡᠨ ᠵᠣᠭᠤᠰ ᠤᠨ ᠲᠤᠭ᠎ᠠ ᠪᠠᠷᠢᠮᠲᠠ ᠲᠠᠢ ᠬᠠᠷᠭᠤᠭᠤᠯᠵᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠬᠢᠨᠠᠬᠤ ᠠᠵᠢᠯ ᠢᠶᠠᠨ ᠰᠠᠶᠢᠲᠤᠷ ᠪᠡᠶᠡᠯᠡᠬᠦᠯᠪᠡ᠃      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠶᠢᠨ ᠰᠠᠭᠤᠷᠢ ᠮᠥᠩᠭᠦ ᠶᠢ ᠳ᠋ᠦᠩᠨᠡᠨ ᠪᠤᠳᠤᠬᠤ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠲᠤᠬᠠᠢ ᠶᠢᠨ ᠵᠢᠯ ᠳᠤ ᠤᠷᠢᠳᠠᠪᠡᠷ ᠤᠷᠢᠳᠴᠢᠯᠠᠨ ᠰᠠᠯᠭᠠᠨ ᠥᠭᠴᠦ᠂ ᠳᠠᠷᠠᠭ᠎ᠠ ᠵᠢᠯ ᠳᠤᠨᠢ ᠪᠣᠳᠠᠲᠠᠢ ᠪᠠᠶᠢᠳᠠᠯ ᠢ ᠨᠢ ᠦᠨᠳᠦᠰᠦᠯᠡᠨ ᠳ᠋ᠦᠩᠨᠡᠨ ᠪᠤᠳᠤᠵᠤ᠂ ᠵᠥᠷᠢᠶ᠎ᠡ ᠲᠠᠢ ᠪᠤᠯ ᠠᠷᠪᠢᠨ ᠢ ᠨᠢ ᠪᠤᠴᠠᠭᠠᠵᠤ ᠳᠤᠲᠠᠭᠤ ᠶᠢ ᠨᠢ ᠨᠥᠬᠦᠪᠦᠷᠢᠯᠡᠬᠦ︾ ᠠᠷᠭ᠎ᠠ ᠪᠠᠷ ᠨᠢᠭᠡᠳ ᠨᠢᠭᠡ ᠪᠠᠷ᠂ ᠲᠥᠷᠥᠯ ᠬᠤᠪᠢᠶᠠᠨ ᠬᠠᠮᠢᠶᠠᠷᠴᠤ ᠲᠣᠭᠠᠴᠠᠭ᠎ᠠ ᠬᠢᠪᠡ᠃ 2023 ᠣᠨ ᠤ ᠵᠢᠯ ᠤᠨ ᠡᠴᠦᠰ ᠪᠣᠯᠲᠠᠯ᠎ᠠ᠂ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠢᠯ ᠤᠨ ᠡᠴᠦᠰ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 13982 ᠬᠦᠷᠴᠦ᠂ ᠡᠭᠦᠨ ᠳᠤ ᠰᠦᠢᠳᠬᠡᠯ ᠲᠤᠰᠢᠶᠠᠭᠰᠠᠨ ᠬᠥᠮᠥᠨ ᠤ ᠲᠤᠭ᠎ᠠ 8938 ᠬᠦᠷᠴᠦ᠂ ᠬᠠᠷᠠᠭᠠᠯᠵᠠᠯ ᠭᠥᠷᠳᠡᠭᠰᠡᠨ ᠬᠥᠮᠥᠨ ᠤ ᠲᠤᠭ᠎ᠠ 5044 ᠬᠦᠷᠪᠡ︔ ᠲᠥᠪ ᠠᠴᠠ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠪᠡᠯᠡ ᠮᠥᠩᠭᠦ ᠶᠢ ᠨᠡᠶᠢᠲᠡ 497.40 ᠲᠦᠮᠡᠨ ᠲᠥᠭᠦᠷᠢᠭ ᠪᠠᠭᠤᠯᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号