ᠲᠠᠩ ᠢ ᠠᠭᠤᠷᠬᠠᠢ ᠶᠢᠨ ᠡᠷᠬᠡ ᠶᠢ ᠨᠡᠶᠢᠳᠭᠡᠵᠦ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/8
     4 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠠᠭᠤᠷᠬᠠᠢ ᠶᠢᠨ ᠡᠷᠬᠡ ᠶᠢ ᠨᠡᠶᠢᠳᠭᠡᠵᠦ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠭᠦᠸᠧ ᠢ ᠵᠢᠶᠧ ᠣᠷᠣᠯᠴᠠᠪᠡ᠃

     ᠲᠠᠩ ᠢ ᠤᠷᠢᠳ ᠬᠤᠵᠢᠳ ᠬᠠᠶᠢᠨᠠᠨ ᠲᠣᠭᠤᠷᠢᠭ ᠤᠨ ᠪᠠᠷᠠᠭᠤᠨ ᠤᠷᠠᠨᠳᠦ᠋ᠰᠢ ᠠᠭᠤᠯᠠᠨ ᠤ ᠼᠧᠮᠧᠨᠲ ᠤᠨ

ᠦᠢᠯᠡᠳᠪᠦᠷᠢ ᠶᠢᠨ ᠠᠭᠤᠷᠬᠠᠢ ᠶᠢᠨ ᠣᠷᠣᠨ ᠤ ᠤᠷᠠᠨᠳᠦ᠋ᠰᠢ ᠠᠭᠤᠯᠠᠨ ᠤ ᠬᠠᠳᠠᠭᠤ ᠤᠰᠤ ᠶᠢᠨ ᠼᠧᠮᠧᠨᠲ ᠤᠨ

ᠴᠣᠬᠤᠢ ᠶᠢᠨ ᠴᠢᠯᠠᠭᠤᠯᠢᠭ ᠤᠨ ᠠᠭᠤᠷᠬᠠᠢ᠂ ᠲᠡᠮᠡᠭᠡᠲᠤ ᠠᠭᠤᠯᠠ ᠶᠢᠨ ᠠᠭᠤᠷᠬᠠᠢ ᠶᠢᠨ ᠣᠷᠣᠨ ᠤ ᠦᠬᠠᠢ

ᠬᠤᠳᠠ ᠶᠢᠨ ᠰᠢᠨ᠎ᠡ ᠡᠨᠧᠷᠭᠢ ᠶᠢᠨ ᠪᠦᠯᠦᠭᠯᠡᠯ ᠤᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠶᠢᠨ ᠨᠡᠭᠦᠷᠡᠰᠦᠨ

ᠠᠭᠤᠷᠬᠠᠢ ᠳᠤ ᠬᠦᠷᠴᠦ᠂ ᠠᠭᠤᠷᠬᠠᠢ ᠶᠢᠨ ᠡᠷᠬᠡ ᠶᠢ ᠨᠡᠶᠢᠳᠭᠡᠵᠤ ᠪᠠᠶᠢᠭ᠎ᠠ ᠠᠬᠢᠴᠠ᠂ ᠪᠣᠬᠢᠷᠲᠤᠯ ᠦᠭᠡᠢ

ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃

ᠲᠡᠷᠡ ᠬᠡᠯᠡᠭᠰᠡᠨ ᠨᠢ᠂ ᠠᠭᠤᠷᠬᠠᠢ ᠶᠢᠨ ᠡᠷᠬᠡ ᠶᠢ ᠨᠡᠶᠢᠳᠭᠡᠬᠦ ᠶᠢ ᠲᠦᠯᠬᠢᠨ ᠠᠬᠢᠭᠤᠯᠬᠤ ᠪᠣᠯ ᠠᠭᠤᠷᠬᠠᠢ ᠶᠢᠨ

ᠣᠷᠣᠨ ᠤ ᠦᠢᠯᠡᠳᠪᠦᠷᠢᠯᠡᠯ ᠤᠨ ᠪᠠᠶᠢᠷᠢᠰᠢᠯ ᠲᠠᠷᠠᠬᠠᠢ ᠪᠤᠲᠠᠷᠬᠠᠢ᠂ ᠣᠷᠴᠢᠨ ᠲᠤᠭᠤᠷᠢᠨ ᠪᠣᠬᠢᠷᠲᠤᠯ ᠵᠡᠷᠭᠡ

ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠮᠥᠨ᠂ ᠠᠮᠢ ᠠᠬᠤᠢ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ

ᠪᠦᠬᠦᠯᠢ ᠴᠣᠭᠴᠠ ᠶᠢᠨ ᠦᠷ᠎ᠡ ᠪᠦᠲᠦᠮᠵᠢ ᠲᠠᠢ ᠬᠤᠯᠪᠣᠭᠳᠠᠵᠤ᠂ ᠪᠥᠬᠦ ᠬᠤᠲᠠ ᠶᠢᠨ ᠠᠭᠤᠷᠬᠠᠢ ᠶᠢᠨ ᠭᠠᠷᠤᠯᠲᠠ ᠶᠢᠨ

ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠪᠠ ᠠᠵᠤ ᠦᠢᠯᠡᠰ ᠤᠨ ᠪᠣᠬᠢᠷᠲᠤᠯ ᠦᠭᠡᠢ

ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠲᠠᠢ ᠬᠤᠯᠪᠣᠭᠳᠠᠵᠤ ᠪᠠᠶᠢᠳᠠᠭ ᠪᠣᠯᠬᠤᠷ

ᠡᠷᠬᠡᠪᠰᠢ ᠴᠢᠩᠭ᠎ᠠ ᠪᠦᠭᠡᠳ ᠪᠣᠳᠠᠲᠠᠢ ᠠᠳᠬᠤᠵᠤ᠂ ᠡᠷᠴᠢᠮ ᠢᠶᠠᠨ ᠴᠢᠩᠭᠠᠷᠠᠭᠤᠯᠤᠨ᠂ ᠠᠬᠢᠴᠠ ᠪᠠᠨ ᠲᠦᠷᠭᠡᠳᠬᠡᠵᠦ᠂

ᠪᠡᠷᠬᠡ ᠰᠡᠳᠦᠪ ᠢ ᠰᠢᠢᠳᠪᠦᠷᠢᠯᠡᠨ᠂ ᠨᠡᠶᠢᠳᠭᠡᠬᠦ ᠡᠭᠦᠷᠭᠡ ᠪᠠᠨ ᠡᠷᠲᠡᠬᠡᠨ ᠪᠡᠶᠡᠯᠡᠭᠦᠯᠬᠦ ᠬᠡᠷᠡᠭᠲᠡᠢ᠃ ᠣᠷᠣᠭᠤᠯᠤᠯᠲᠠ ᠶᠢᠨ

ᠡᠷᠴᠢᠮ ᠢᠶᠠᠨ ᠴᠢᠩᠭᠠᠷᠠᠭᠤᠯᠵᠤ᠂ ᠨᠡᠭᠡᠭᠡᠨ ᠮᠠᠯᠲᠠᠬᠤ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠪᠣᠬᠢᠷᠲᠤᠯ ᠦᠭᠡᠢ

ᠠᠭᠤᠷᠬᠠᠢ ᠶᠢ ᠪᠦᠲᠦᠭᠡᠨ ᠪᠠᠶᠢᠭᠤᠯᠵᠤ᠂ ᠲᠡᠭᠡᠭᠡᠪᠦᠷᠢ ᠶᠢᠨ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠪᠠᠨ

ᠲᠦᠷᠭᠡᠳᠬᠡᠵᠦ᠂ ᠪᠢᠲᠡᠭᠦᠮᠵᠢᠯᠡᠭᠰᠡᠨ ᠪᠦᠰᠡ᠂ ᠬᠤᠭᠤᠯᠠᠢ ᠵᠡᠷᠭᠡ ᠲᠣᠭᠤᠰᠣ ᠦᠭᠡᠢ ᠲᠡᠭᠡᠭᠡᠪᠦᠷᠢ ᠶᠢᠨ ᠠᠷᠭ᠎ᠠ ᠮᠠᠶ᠋ᠢᠭ

ᠳᠠᠰᠢ ᠬᠦᠴᠦᠯᠡᠨ ᠬᠤᠪᠢᠷᠠᠭᠤᠯᠵᠤ᠂ ᠨᠡᠭᠡᠭᠡᠨ ᠮᠠᠯᠲᠠᠬᠤ᠂ ᠲᠡᠭᠡᠭᠡᠪᠦᠷᠢᠯᠡᠬᠦ᠂ ᠦᠢᠯᠡᠳᠪᠦᠷᠢᠯᠡᠬᠦ ᠡᠯ᠎ᠡ ᠭᠤᠭᠴᠤᠭ᠎ᠠ ᠶᠢ

ᠴᠡᠪᠡᠷᠰᠢᠭᠦᠯᠦᠨ ᠪᠣᠬᠢᠷᠲᠤᠯ ᠦᠭᠡᠢ ᠪᠣᠯᠭᠠᠬᠤ ᠶᠢ ᠪᠡᠶᠡᠯᠡᠭᠦᠯᠵᠦ᠂ ᠪᠣᠬᠢᠷᠲᠤᠯ ᠢ ᠦᠨᠡᠨᠬᠦ ᠪᠠᠭᠠᠰᠬᠠᠨ᠂ ᠠᠭᠤᠷᠬᠠᠢ ᠶᠢᠨ

ᠠᠮᠢ ᠠᠬᠤᠢ ᠣᠷᠴᠢᠨ ᠲᠣᠭᠤᠷᠢᠨ ᠤ ᠦᠨᠳᠦᠰᠦᠨ ᠴᠢᠨᠠᠷᠲᠠᠢ ᠰᠠᠶᠢᠵᠢᠷᠠᠯᠲᠠ ᠲᠠᠢ ᠪᠣᠯᠬᠤ ᠶᠢ ᠲᠦᠯᠬᠢᠨ ᠠᠬᠢᠭᠤᠯᠬᠤ

ᠬᠡᠷᠡᠭᠲᠡᠢ᠃ ᠠᠭᠤᠷᠬᠠᠢ ᠶᠢᠨ ᠡᠷᠬᠡ ᠶᠢ ᠨᠡᠶᠢᠳᠭᠡᠬᠦ‌ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ

ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠭᠤᠷᠬᠠᠢ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠤᠣᠯ

ᠴᠣᠭᠴᠠ ᠶᠢᠨ ᠬᠠᠷᠢᠭᠤᠴᠠᠯᠭ᠎ᠠ ᠶᠢ ᠨᠢ ᠦᠨᠡᠨᠬᠦ ᠪᠠᠲᠤ ᠡᠭᠦᠷᠭᠡᠯᠡᠭᠦᠯᠵᠦ᠂ ᠰᠤᠯᠠᠷᠠᠨ ᠮᠢᠨᠴᠦᠭᠦᠷᠡᠬᠦ ᠦᠵᠡᠯ ᠰᠠᠨᠠᠭ᠎ᠠ ᠶᠢ

ᠡᠷᠡᠰ ᠢᠯᠠᠨ ᠳᠠᠪᠠᠵᠤ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠯᠢᠪᠠ

ᠳᠦᠷᠢᠮ ᠠᠴᠠ ᠵᠥᠷᠢᠴᠡᠨ ᠠᠵᠢᠯᠯᠠᠬᠤ  ᠭᠡᠨᠡᠨ ᠢᠶᠠᠷ ᠠᠵᠢᠯᠯᠠᠬᠤ ᠶᠢ ᠲᠠᠰᠤ ᠵᠣᠭᠰᠣᠭᠠᠵᠤ᠂ ᠬᠦᠨᠳᠦ ᠶᠡᠭᠡ ᠣᠨᠴᠠ

ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ

ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠣᠬᠢᠷᠠᠭᠤᠯᠤᠯᠲᠠ ᠪᠠᠨ ᠴᠢᠩᠭᠠᠳᠬᠠᠨ᠂

ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂

ᠵᠢᠷᠤᠭ ᠡᠯᠭᠦᠨ ᠪᠠᠶᠢᠯᠳᠤᠭᠠᠨ ᠬᠢᠵᠦ᠂ ᠨᠡᠶᠢᠳᠭᠡᠬᠦ ᠠᠵᠢᠯ ᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ

ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号