ᠮᠠᠨ ᠤ ᠤᠯᠤᠰ ᠭᠤᠷᠪᠠᠨ ᠲᠠᠯ᠎ᠠ ᠶᠢᠨ ᠠᠷᠭ᠎ᠠ ᠪᠠᠷᠢᠯ ᠢᠶᠠᠷ ᠬᠥᠬᠡᠮᠥ᠋ᠷᠡᠨ ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠥᠷᠰᠦ ᠶᠢ ᠬᠠᠮᠠᠭᠠᠯᠠᠬᠤ ᠪᠠᠷ ᠪᠣᠶ
ᠨᠡᠶᠢᠲᠡᠯᠡᠭᠰᠡᠨ ᠴᠠᠭ᠄
2024/4/8
     ᠬᠥᠬᠡᠮᠥ᠋ᠷᠡᠨ ᠳᠤ ᠠᠷᠪᠠᠨ ᠵᠢᠯ ᠵᠢᠭᠠᠰᠤ ᠠᠩᠨᠠᠬᠤ ᠶᠢ ᠴᠠᠭᠠᠵᠠᠯᠠᠭᠰᠠᠨ ᠠᠴᠠ ᠨᠠᠭᠠᠰᠢ᠂ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠤᠨ ᠰᠡᠷᠭᠦᠯᠲᠡ ᠰᠠᠶᠢᠵᠢᠷᠠᠪᠠ᠃ ᠡᠭᠦᠨ ᠤ ᠵᠡᠷᠭᠡ ᠳᠤ᠂ ᠬᠥᠬᠡᠮᠥ᠋ᠷᠡᠨ ᠤ ᠭᠤᠣᠯ ᠢ ᠬᠠᠰᠢᠵᠤ ᠬᠠᠰᠢᠯᠭ᠎ᠠ ᠪᠠᠷᠢᠬᠤ᠂ ᠤᠰᠤᠨ ᠵᠠᠮ ᠢ ᠵᠠᠰᠠᠬᠤ᠂ ᠬᠠᠶᠢᠷ ᠮᠠᠯᠲᠠᠵᠤ ᠴᠢᠯᠠᠭᠤ ᠭᠠᠷᠭᠠᠬᠤ ᠵᠡᠷᠭᠡ ᠬᠥᠮᠥᠨ ᠲᠥᠷᠥᠯᠬᠢᠲᠡᠨ ᠤ ᠠᠵᠢᠯᠯᠠᠭ᠎ᠠ ᠮᠥᠨ ᠯᠡ ᠨᠡᠯᠢᠶᠡᠳ ᠤᠯᠠᠨ ᠪᠠᠶᠢᠵᠤ᠂ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠦᠷᠰᠦ ᠶᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠬᠠᠷᠠᠬᠠᠨ ᠦᠨᠳᠦᠰᠦᠨ ᠠᠴᠠ ᠪᠠᠨ ᠰᠠᠶᠢᠵᠢᠷᠠᠭᠠᠳᠤᠢ ᠪᠠᠶᠢᠭᠰᠠᠭᠠᠷ᠃ ᠳᠠᠷᠠᠭᠠᠴᠢ ᠪᠠᠷ᠂ ᠮᠠᠨ ᠤ ᠤᠯᠤᠰ ᠭᠤᠷᠪᠠᠨ ᠲᠠᠯ᠎ᠠ ᠶᠢᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠥᠬᠡᠮᠥ᠋ᠷᠡᠨ ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠦᠷᠰᠦ ᠶᠢᠨ ᠬᠠᠮᠠᠭᠠᠯᠠᠯᠲᠠ ᠶᠢ ᠴᠢᠩᠭᠠᠳᠬᠠᠬᠤ ᠪᠠᠷ ᠪᠤᠢ᠃      ᠡᠨᠡ ᠪᠣᠯ ᠰᠤᠷᠪᠤᠯᠵᠢᠯᠠᠭᠴᠢ ᠶᠢᠨ 2 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠵᠣᠷᠰᠢᠯᠲᠦ ᠬᠤᠷᠠᠯ ᠠᠴᠠ ᠣᠶᠢᠯᠠᠭᠠᠭᠰᠠᠨ ᠮᠡᠳᠡᠭᠡ ᠪᠣᠯᠣᠨ᠎ᠠ᠃      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠠᠶᠢᠳ ᠲᠠᠩ ᠷᠧᠨ ᠵᠢᠶᠠᠨ ᠬᠤᠷᠠᠯ ᠳᠡᠭᠡᠷ᠎ᠡ ᠢᠯᠡᠷᠬᠡᠶᠢᠯᠡᠬᠦ ᠳᠤ ᠪᠠᠨ᠂ ᠬᠥᠬᠡᠮᠥ᠋ᠷᠡᠨ ᠤ ᠰᠠᠪᠠ ᠭᠠᠵᠠᠷ ᠪᠣᠯ ᠳᠡᠯᠡᠬᠡᠢ ᠳᠡᠭᠡᠷᠡᠬᠢ ᠤᠰᠤᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢᠶᠠᠷ ᠬᠠᠮᠤᠭ ᠤᠨ ᠡᠯᠪᠡᠭ ᠣᠷᠣᠨ ᠪᠦᠰᠡ ᠨᠦᠭᠦᠳ ᠤᠨ ᠨᠢᠭᠡ ᠪᠠᠶᠢᠵᠤ᠂ 400 ᠭᠠᠷᠤᠢ ᠵᠢᠭᠠᠰᠤᠨ ᠤ ᠲᠥᠷᠥᠯ ᠲᠠᠷᠬᠠᠵᠤ ᠪᠠᠶᠢᠨ᠎ᠠ᠃ 2021 ᠣᠨ ᠳᠤ ᠵᠢᠭᠠᠰᠤ ᠠᠩᠨᠠᠬᠤ ᠶᠢ ᠴᠠᠭᠠᠵᠠᠯᠠᠭᠰᠠᠨ ᠠᠴᠠ ᠨᠠᠭᠠᠰᠢ᠂ ᠵᠢᠭᠠᠰᠤᠨ ᠤ ᠲᠥᠷᠥᠯ ᠤᠨ ᠡᠬᠢ ᠪᠠᠶᠠᠯᠢᠭ ᠡᠬᠢᠯᠡᠨ ᠰᠡᠷᠭᠦᠵᠦ᠂ 2022 ᠣᠨ ᠳᠤ ᠪᠡᠯᠭᠡ ᠲᠡᠮᠳᠡᠭ ᠤᠨ ᠴᠢᠨᠠᠷᠲᠠᠢ ᠪᠣᠳᠠᠰ ᠤᠨ ᠳᠦᠷᠰᠦ ᠪᠣᠯᠬᠤ ᠬᠦᠬᠡᠮᠦ᠋ᠷᠡᠨ ᠤ ᠭᠠᠭ᠋ᠠᠢ ᠬᠠᠯᠢᠮᠤ ᠶᠢᠨ ᠳᠦᠷᠰᠦ ᠶᠢᠨ ᠰᠦᠷᠦᠭ 1249 ᠳᠤ ᠬᠦᠷᠴᠦ᠂ ᠲᠡᠦᠬᠡᠲᠦ ᠴᠢᠨᠠᠷᠲᠠᠢ ᠪᠠᠷ ᠪᠠᠭᠤᠷᠠᠬᠤ ᠪᠠᠨ ᠵᠣᠭᠰᠣᠵᠤ ᠳᠠᠬᠢᠨ ᠳᠡᠭᠡᠭᠰᠢᠯᠡᠵᠡᠢ ᠭᠡᠪᠡ᠃      ︽ᠭᠡᠪᠡᠴᠦ ᠡᠭᠦᠨ ᠤ ᠵᠡᠷᠭᠡ ᠳᠤ ᠪᠢᠳᠡ ᠪᠠᠰᠠ ᠣᠳᠣᠬᠠᠨ ᠳᠤ ᠬᠥᠬᠡᠮᠥ᠋ᠷᠡᠨ ᠤ ᠭᠤᠣᠯ ᠢ ᠬᠠᠰᠢᠵᠤ ᠬᠠᠰᠢᠯᠭ᠎ᠠ ᠪᠠᠷᠢᠬᠤ᠂ ᠤᠰᠤᠨ ᠵᠠᠮ ᠢ ᠵᠠᠰᠠᠬᠤ᠂ ᠬᠠᠶᠢᠷ ᠮᠠᠯᠲᠠᠵᠤ ᠴᠢᠯᠠᠭᠤ ᠭᠠᠷᠭᠠᠬᠤ ᠵᠡᠷᠭᠡ ᠬᠥᠮᠥᠨ ᠲᠥᠷᠥᠯᠬᠢᠲᠡᠨ ᠤ ᠠᠵᠢᠯᠯᠠᠭ᠎ᠠ ᠮᠥᠨ ᠬᠦ ᠨᠡᠯᠢᠶᠡᠳ ᠣᠯᠠᠨ ᠪᠠᠶᠢᠵᠤ᠂ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠦᠷᠰᠦ ᠶᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠪᠠᠰᠠ ᠦᠨᠳᠦᠰᠦᠨ ᠠᠴᠠ ᠪᠠᠨ ᠰᠠᠶᠢᠵᠢᠷᠠᠭᠠᠳᠤᠢ ᠪᠥᠭᠡᠳ ᠡᠳᠡᠭᠡᠷ ᠮᠥᠬᠦᠬᠦ ᠰᠢᠬᠠᠭᠰᠠᠨ ᠪᠣᠳᠠᠰ ᠤᠨ ᠳᠦᠷᠰᠦ ᠶᠢᠨ ᠦᠰᠦᠯᠲᠡ ᠶᠢᠨ ᠦᠶᠡᠯᠡᠯ ᠤᠨ ᠬᠤᠭᠤᠴᠠᠭ᠎ᠠ ᠤᠷᠲᠤ᠂ ᠦᠷᠡᠵᠢᠯ ᠤᠨ ᠬᠦᠴᠢᠷᠳᠡᠯ ᠶᠡᠭᠡ᠂ ᠬᠠᠮᠠᠭᠠᠯᠠᠯᠲᠠ ᠶᠢᠨ ᠪᠠᠶᠢᠳᠠᠯ ᠮᠥᠨ ᠬᠦ ᠲᠡᠶᠢᠮᠦ ᠰᠠᠶᠢᠨ ᠪᠢᠰᠢ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃︾ ᠭᠡᠵᠦ ᠲᠠᠩ ᠷᠧᠨ ᠵᠢᠶᠠᠨ ᠬᠡᠯᠡᠪᠡ᠃      ᠲᠠᠨᠢᠯᠴᠠᠭᠤᠯᠤᠭᠰᠠᠨ ᠢᠶᠠᠷ᠂ ᠲᠠᠷᠠᠭᠠᠴᠢ ᠪᠠᠷ ᠮᠠᠨ ᠤ ᠤᠯᠤᠰ ᠭᠤᠷᠪᠠᠨ ᠲᠠᠯ᠎ᠠ ᠶᠢᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠬᠥᠬᠡᠮᠥ᠋ᠷᠡᠨ ᠤ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠦᠷᠰᠦ ᠶᠢᠨ ᠬᠠᠮᠠᠭᠠᠯᠠᠯᠲᠠ ᠶᠢ ᠰᠠᠶᠢᠲᠤᠷ ᠠᠳᠬᠤᠬᠤ ᠪᠣᠯᠣᠨ᠎ᠠ᠄      ᠨᠢᠭᠡ ᠳᠤ ᠬᠥᠮᠥᠨ ᠤ ᠬᠦᠴᠦ ᠪᠠᠷ ᠡᠭᠦᠯᠳᠡᠷ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠᠨ ᠴᠢᠩᠭᠠᠳᠬᠠᠨ᠎ᠠ᠃ ᠣᠳᠣᠬᠠᠨ ᠳᠤ ᠮᠠᠨ ᠤ ᠤᠯᠤᠰ ᠨᠢᠭᠡᠨᠲᠡ ᠨᠢᠭᠡ ᠪᠦᠯᠦᠭ ᠳᠤᠮᠳᠠᠳᠤ ᠶᠢᠨ ᠬᠢᠯᠢᠮ᠎ᠡ᠂ ᠬᠦᠬᠡᠮᠦ᠋ᠷᠡᠨ ᠤ ᠬᠢᠯᠢᠮ᠎ᠡ ᠶᠢᠨ ᠡᠭᠦᠯᠳᠡᠷ ᠢ ᠬᠥᠮᠥᠨ ᠤ ᠬᠦᠴᠦ ᠪᠠᠷ ᠬᠠᠮᠠᠭᠠᠯᠠᠬᠤ ᠲᠠᠯᠠᠪᠠᠶ ᠪᠠᠶᠢᠭᠤᠯᠵᠤ᠂ ᠵᠣᠬᠢᠬᠤ ᠬᠡᠪᠴᠢᠶᠡᠨ ᠤ ᠡᠴᠢᠭᠡ ᠪᠡᠶ᠎ᠡ ᠡᠬᠡ ᠪᠡᠶ᠎ᠡ ᠶᠢᠨ ᠬᠥᠮᠥᠷᠭᠡ ᠲᠠᠢ ᠪᠣᠯᠵᠤ᠂ ᠬᠡᠪᠴᠢᠶᠡᠵᠢᠭᠰᠡᠨ ᠬᠥᠮᠥᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠭᠰᠡᠨ ᠪᠠᠶᠢᠨ᠎ᠠ᠃ ᠳᠠᠷᠠᠭᠠᠴᠢ ᠪᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠᠨ ᠦᠷᠭᠦᠯᠵᠢᠯᠡᠨ ᠴᠢᠩᠭᠠᠳᠬᠠᠵᠤ᠂ ᠡᠭᠦᠯᠳᠡᠷ ᠬᠠᠮᠠᠭᠠᠯᠠᠬᠤ ᠲᠠᠯᠠᠪᠠᠢ ᠶᠢᠨ ᠬᠥᠮᠥᠨ ᠤ ᠬᠦᠴᠦ ᠪᠠᠷ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠶᠢᠭᠠᠯᠢ ᠶᠢᠨ ᠦᠷᠡᠵᠢᠯᠲᠡ᠂ ᠠᠮᠢᠳᠤᠷᠠᠯ ᠤᠨ ᠣᠷᠴᠢᠨ ᠢ ᠰᠡᠷᠭᠦᠭᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠲᠦᠷᠭᠡᠨ ᠰᠢᠪᠲᠤᠯᠬᠤ ᠪᠠᠷ ᠴᠢᠷᠮᠠᠶᠢᠨ᠎ᠠ᠃      ᠬᠤᠶᠠᠷ ᠲᠤ ᠦᠷᠡᠵᠢᠭᠦᠯᠦᠨ ᠵᠢᠷᠠᠭᠠᠬᠠᠢ ᠲᠠᠯᠪᠢᠬᠤ ᠶᠢ ᠡᠷᠴᠢᠮᠵᠢᠭᠦᠯᠦᠨ᠎ᠡ᠃ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠦᠷᠰᠦ ᠨᠢ ᠵᠥᠪᠬᠡᠨ ᠪᠠᠶᠢᠭᠠᠯᠢ ᠶᠢᠨ ᠦᠷᠡᠵᠢᠯᠲᠡ ᠳᠤ ᠲᠦᠰᠢᠭᠯᠡᠨ ᠰᠡᠷᠭᠦᠬᠦ ᠳᠤ ᠨᠡᠯᠢᠶᠡᠳ ᠬᠦᠴᠢᠷᠲᠡᠢ᠂ ᠡᠷᠬᠡᠪᠰᠢ ᠦᠷᠡᠵᠢᠭᠦᠯᠬᠦ ᠪᠠᠷ ᠳᠡᠮᠵᠢᠨ ᠬᠡᠭᠡᠷ᠎ᠡ ᠶᠢᠨ ᠰᠦᠷᠦᠭᠵᠢᠯ ᠢ ᠨᠥᠬᠦᠪᠦᠷᠢᠯᠡᠬᠦ ᠬᠡᠷᠡᠭᠲᠡᠢ᠃ ᠡᠨᠡ ᠵᠢᠯ ᠠᠴᠠ ᠡᠬᠢᠯᠡᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠢᠯ ᠪᠦᠷᠢ 5000 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠲᠣᠬᠢᠷᠠᠭᠤᠯᠵᠤ᠂ 100 ᠲᠦᠮᠡᠨ ᠵᠢᠷᠠᠭᠠᠬᠠᠢ ᠲᠠᠯᠪᠢᠬᠤ ᠪᠠᠷ ᠴᠢᠷᠮᠠᠶᠢᠵᠤ᠂ ᠬᠤᠶᠢᠰᠢᠳᠠ ᠶᠢᠨ ᠭᠤᠷᠪᠠ ᠠᠴᠠ ᠲᠠᠪᠤᠨ ᠵᠢᠯ ᠳᠤ ᠠᠯᠬᠤᠮ ᠠᠯᠬᠤᠮ ᠢᠶᠠᠷ 500 ᠲᠦᠮᠡᠨ ᠵᠢᠷᠠᠭᠠᠬᠠᠢ ᠲᠠᠯᠪᠢᠬᠤ ᠪᠠᠷ ᠴᠢᠷᠮᠠᠶᠢᠨ᠎ᠠ᠃      ᠭᠤᠷᠪᠠ ᠳᠤ ᠭᠤᠣᠯᠳᠠᠯᠭ᠎ᠠ ᠲᠠᠢ ᠤᠰᠤᠨ ᠤ ᠠᠮᠢᠳᠤ ᠪᠣᠳᠠᠰ ᠤᠨ ᠣᠷᠣᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠥᠨᠳᠡᠭᠡᠯᠡᠬᠦ ᠭᠠᠵᠠᠷ᠂ ᠥᠭᠶᠥᠭᠡ ᠠᠪᠬᠤ ᠭᠠᠵᠠᠷ᠂ ᠡᠪᠦᠯᠵᠢᠶ᠎ᠡ ᠪᠠ ᠨᠡᠭᠦᠳᠡᠯᠯᠡᠬᠦ ᠵᠠᠮ ᠢ ᠰᠠᠶᠢᠲᠤᠷ ᠬᠠᠮᠠᠭᠠᠯᠠᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠣᠬᠢᠷᠠᠮᠵᠢᠲᠠᠢ ᠤᠰᠤᠨ ᠤ ᠴᠠᠷᠠᠭ᠎ᠠ ᠶᠢ ᠰᠣᠩᠭᠤᠵᠤ᠂ ᠥᠨᠳᠡᠭᠡᠯᠡᠬᠦ ᠲᠠᠯᠠᠪᠠᠶ ᠶᠢ ᠰᠡᠷᠭᠦᠭᠡᠨ ᠳᠠᠬᠢᠨ ᠪᠠᠶᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠭᠤᠣᠯ ᠢ ᠬᠠᠰᠢᠵᠤ ᠬᠠᠰᠢᠯᠭ᠎ᠠ ᠪᠠᠷᠢᠬᠤ ᠭᠠᠵᠠᠷ ᠲᠤ ᠵᠢᠭᠠᠰᠤ ᠥᠩᠭᠡᠷᠡᠬᠦ ᠪᠡᠯᠡᠳᠬᠡᠮᠵᠢ ᠪᠠᠶᠢᠭᠤᠯᠬᠤ ᠶᠢ ᠰᠤᠳᠤᠯᠵᠤ᠂ ᠴᠢᠬᠤᠯᠠ ᠣᠷᠣᠰᠢᠨ ᠠᠮᠢᠳᠤᠷᠠᠬᠤ ᠭᠠᠵᠠᠷ ᠤᠨ ᠣᠩᠭᠤᠴᠠ ᠰᠠᠯ ᠤᠨ ᠬᠤᠷᠳᠤᠴᠠ ᠶᠢ ᠬᠢᠵᠠᠭᠠᠷᠯᠠᠬᠤ᠂ ᠠᠶᠠᠯᠠᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠣᠷᠢᠭᠤᠳᠠ ᠶᠢᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号