ᠲᠠᠩ ᠢ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠡ
ᠨᠡᠶᠢᠲᠡᠯᠡᠭᠰᠡᠨ ᠴᠠᠭ᠄
2024/4/9
     4 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠭᠦᠸᠧ ᠢ ᠵᠢᠶᠧ᠂ ᠸᠠᠩ ᠵᠢᠢ ᠫᠢᠩ᠂ ᠵᠠᠩ ᠮᠢᠩ ᠮᠢᠩ᠂ ᠭᠤᠸ ᠪᠥᠸᠧ ᠣᠷᠣᠯᠴᠠᠪᠡ᠃      ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠭᠤᠷᠪᠠᠨ ᠲᠣᠭᠤᠷᠢᠭ ᠪᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠲᠣᠰ 2024 ᠣᠨ ᠤ ᠲᠥᠯᠥᠪᠯᠡᠭᠡ ᠶᠢ ᠬᠡᠷᠡᠭᠵᠢᠭᠦᠯᠦᠭᠰᠡᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠲᠠᠩ ᠢ ᠬᠡᠯᠡᠭᠰᠡᠨ ᠨᠢ᠂ ᠬᠥᠭᠵᠢᠯᠲᠡ ᠶᠢ ᠠᠳᠬᠤᠬᠤ ᠳᠤ ᠲᠦᠷᠦᠯ ᠵᠦᠢᠯ ᠦᠭᠡᠢ ᠪᠣᠯ ᠠᠯᠢᠪᠠ ᠪᠦᠬᠦᠨ ᠴᠥᠮ ᠬᠤᠭᠤᠰᠤᠨ ᠦᠭᠡ ᠪᠣᠯᠣᠨ᠎ᠠ᠃ ᠪᠢᠳᠡ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠰᠢᠨ᠎ᠡ ᠴᠠᠭ ᠦᠶ᠎ᠡ ᠶᠢᠨ ᠬᠠᠲᠠᠭᠤ ᠶᠣᠰᠣ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠷᠢᠭᠦᠨ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠬᠤ ᠳᠤ ᠴᠥᠮ ᠪᠣᠳᠠᠲᠠᠢ ᠲᠦᠷᠦᠯ ᠵᠦᠢᠯ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢ ᠠᠳᠬᠤᠬᠤ ᠳᠤ ᠡᠷᠬᠡᠪᠰᠢ ᠲᠦᠷᠦᠯ ᠵᠦᠢᠯ ᠢ ᠠᠳᠬᠤᠬᠤ ᠤᠬᠠᠮᠰᠠᠷ ᠢ ᠪᠠᠲᠤ ᠪᠤᠢ ᠪᠣᠯᠭᠠᠵᠤ᠂ ᠣᠨ ᠤ ᠬᠠᠷᠠᠯᠲᠠ ᠡᠭᠦᠷᠭᠡ ᠪᠠᠨ ᠲᠣᠭᠲᠠᠭᠠᠵᠤ᠂ ᠴᠢᠩᠭ᠎ᠠ ᠪᠦᠭᠡᠳ ᠲᠦᠷᠭᠡᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠵᠤ᠂ ᠨᠡᠩ ᠶᠡᠭᠡ ᠬᠠᠷᠢᠭᠤᠴᠠᠯᠭ᠎ᠠ ᠡᠭᠦᠷᠭᠡᠯᠡᠵᠦ᠂ ᠨᠡᠩ ᠶᠡᠭᠡ ᠴᠢᠷᠮᠠᠶᠢᠯᠭ᠎ᠠ ᠭᠠᠷᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃      ᠲᠠᠩ ᠢ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠡ᠃ ᠨᠢᠭᠡ ᠳᠤ ᠴᠢᠬᠤᠯᠠᠴᠢᠯᠠᠬᠤ ᠬᠡᠷᠡᠭᠲᠡᠢ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠶᠡᠬᠡᠪᠡᠷ ᠠᠳᠬᠤᠬᠤ᠂ ᠬᠥᠭᠵᠢᠯᠲᠡ ᠶᠢ ᠶᠡᠬᠡᠪᠡᠷ ᠠᠳᠬᠤᠬᠤ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠡᠭᠦᠷᠢᠳᠡ ᠵᠣᠭᠰᠣᠰᠢ ᠦᠭᠡᠢ ᠪᠠᠶᠢᠳᠠᠯ ᠢᠶᠠᠨ ᠪᠠᠲᠤᠯᠠᠵᠤ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠦᠬᠠᠢ ᠶᠢᠨ ᠪᠣᠳᠠᠲᠠᠢ ᠲᠠᠢ ᠨᠡᠶᠢᠴᠡᠭᠰᠡᠨ ᠲᠦᠷᠦᠯ ᠵᠦᠢᠯ ᠪᠦᠬᠦᠨ ᠳᠤ ᠴᠥᠮ ᠠᠷᠭ᠎ᠠ ᠰᠦᠪᠡᠭᠴᠢᠯᠡᠵᠦ᠂ ᠠᠷᠭ᠎ᠠ ᠵᠠᠮ ᠡᠷᠢᠵᠦ᠂ ᠪᠦᠬᠦ ᠬᠦᠴᠦᠨ ᠢᠶᠠᠷ ᠢᠶᠠᠨ ᠴᠢᠷᠮᠠᠶᠢᠨ ᠨᠠᠶᠢᠳᠠᠪᠤᠷᠢᠵᠢᠭᠤᠯᠬᠤ ᠬᠡᠷᠡᠭᠲᠡᠢ᠃ ᠦᠯᠡᠳᠡᠭᠡᠯ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠵᠤ᠂ ᠦᠷᠭᠦᠯᠵᠢᠯᠡᠬᠦ ᠲᠦᠷᠦᠯ ᠵᠦᠢᠯ ᠢ ᠲᠥᠯᠥᠪᠵᠢᠭᠦᠯᠤᠨ ᠨᠥᠭᠡᠴᠡᠯᠡᠬᠦ ᠶᠢ ᠪᠣᠳᠠᠲᠠᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠦᠷᠦᠯ ᠵᠦᠢᠯ ᠤᠨ ᠲᠤᠯᠭᠠᠭᠤᠷᠢᠯᠠᠯ ᠢ ᠲᠠᠰᠤᠷᠠᠯᠳᠡ ᠦᠭᠡᠢ ᠪᠠᠲᠤᠳᠬᠠᠬᠤ ᠬᠡᠷᠡᠭᠲᠡᠢ᠃ ᠬᠤᠶᠠᠷ ᠲᠤ ᠨᠢᠭᠡᠳᠦᠯᠲᠡᠢ ᠲᠥᠯᠥᠪᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠳᠤ ᠴᠢᠭᠯᠡᠭᠦᠯᠦᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠨᠢᠭᠡ ᠲᠦᠷᠦᠯ ᠵᠦᠢᠯ ᠨᠢᠭᠡ ᠲᠦᠷᠦᠯ ᠵᠦᠢᠯ ᠢᠶᠠᠷ ᠰᠢᠯᠭᠠᠷᠠᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠣᠳᠠᠲᠠᠢ ᠠᠬᠢᠴᠠ ᠨᠢ ᠠᠯᠢ ᠭᠤᠭᠴᠤᠭ᠎ᠠ ᠳᠤ ᠬᠦᠷᠬᠦ᠂ ᠶᠠᠮᠠᠷ ᠬᠦᠴᠢᠷ ᠠᠰᠠᠭᠤᠳᠠᠯ ᠣᠷᠣᠰᠢᠵᠤ ᠪᠠᠶᠢᠬᠤ ᠶᠢ ᠨᠢ ᠲᠣᠳᠣᠷᠬᠠᠢ ᠡᠮᠬᠢᠯᠡᠵᠦ᠂ ᠨᠠᠷᠢᠯᠢᠭᠵᠢᠭᠤᠯᠤᠭᠰᠠᠨ ᠨᠠᠷᠢᠨ ᠲᠠᠩᠰᠠ ᠶᠢ ᠪᠦᠷᠢᠯᠳᠦᠭᠦᠯᠵᠦ᠂ ᠴᠠᠭ ᠲᠤᠬᠠᠢ ᠳᠤᠨᠢ ᠡᠵᠡᠮᠰᠢᠨ ᠣᠶᠢᠯᠠᠭᠠᠵᠤ᠂ ᠤᠨᠢᠨ ᠳᠡᠭᠡᠷ᠎ᠡ ᠨᠢ ᠲᠣᠬᠢᠷᠠᠭᠤᠯᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠢᠭᠡ ᠬᠥᠯᠭᠡ ᠰᠢᠲᠠᠷ᠎ᠠ᠂ ᠨᠢᠭᠡ ᠰᠡᠳᠬᠢᠯ᠂ ᠨᠢᠭᠡ ᠬᠦᠴᠦᠨ ᠢᠶᠠᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃ ᠭᠤᠷᠪᠠ ᠳᠤ ᠴᠢᠩᠭ᠎ᠠ ᠭᠡᠲᠡᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠲᠠᠷᠠᠰᠢ ᠦᠭᠡᠢ ᠴᠢᠷᠮᠠᠶᠢᠯᠭ᠎ᠠ ᠶᠢ ᠪᠠᠷᠢᠮᠲᠠᠯᠠᠨ᠂ ᠴᠢᠬᠤᠯᠠ ᠶᠡᠭᠡ ᠲᠥᠷᠥᠯ ᠵᠦᠢᠯ ᠤᠨ ᠴᠠᠭ ᠤᠨ ᠳᠠᠷᠠᠭᠠᠯᠠᠯ ᠤᠨ ᠠᠬᠢᠴᠠ ᠶᠢ ᠨᠢᠭᠲᠠ ᠳᠠᠭᠠᠵᠤ᠂ ᠡᠯ᠎ᠡ ᠭᠤᠭᠴᠤᠭ᠎ᠠ ᠶᠢᠨ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠲᠥᠷᠥᠯ ᠵᠦᠢᠯ ᠤᠨ ᠠᠬᠢᠴᠠ ᠪᠠᠨ ᠦᠨᠡᠨᠬᠦ ᠲᠦᠷᠭᠡᠳᠬᠡᠬᠦ ᠬᠡᠷᠡᠭᠳᠡᠢ᠃ ᠡᠯ᠎ᠡ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠲᠥᠷᠥᠯ ᠵᠦᠢᠯ ᠤᠨ ᠠᠬᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠪᠠ ᠪᠡᠷᠬᠡ ᠠᠰᠠᠭᠤᠳᠠᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠳᠠᠷᠤᠯᠲᠠ ᠶᠢ ᠳᠠᠮᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠪᠣᠳᠠᠲᠠᠢ ᠪᠠᠷ ᠠᠬᠢᠭᠤᠯᠤᠨ ᠰᠢᠢᠳᠪᠦᠷᠢᠯᠡᠵᠦ᠂ ᠲᠠᠭᠠᠭᠠᠴᠢᠯᠠᠯᠳᠠ ᠳᠤ ᠦᠨᠡᠨ ᠬᠦ ᠡᠷᠴᠢᠮ ᠲᠠᠢ᠂ ᠬᠤᠯᠪᠤᠭᠠᠯᠠᠯᠳᠠ ᠳᠤ ᠦᠨᠡᠨ ᠬᠦ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ ᠦᠢᠯᠡᠴᠢᠯᠡᠬᠦ ᠬᠡᠷᠡᠭᠲᠡᠢ᠃ ᠭᠠᠷ ᠭᠦᠢᠴᠡᠳᠬᠡᠯ ᠭᠦᠢᠴᠡᠳᠬᠡᠬᠦ᠂ ᠡᠯᠧᠮᠧᠨ᠋ᠲ ᠤᠨ ᠪᠠᠲᠤᠯᠠᠭ᠎ᠠ᠂ ᠪᠡᠯᠡ ᠮᠥᠩᠭᠦ ᠬᠤᠷᠠᠮᠳᠤᠭᠤᠯᠬᠤ ᠳᠤ ᠬᠦᠴᠢᠷ ᠵᠡᠷᠭᠡ ᠪᠣᠳᠠᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠠᠰᠠᠭᠤᠳᠠᠯ ᠢ ᠨᠢ ᠰᠢᠢᠳᠪᠦᠷᠢᠯᠡᠵᠦ᠂ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ ᠠᠵᠤ ᠠᠬᠤᠶᠢᠯᠠᠯ ᠢ ᠦᠬᠠᠢ ᠳᠤ ᠰᠠᠨᠠᠭ᠎ᠠ ᠠᠮᠤᠷ ᠪᠡᠯᠡ ᠣᠷᠣᠭᠤᠯᠤᠨ ᠬᠥᠭᠵᠢᠭᠦᠯᠬᠦ ᠬᠡᠷᠡᠭᠲᠡᠢ᠃ ᠲᠠᠪᠤ ᠳᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠯᠳᠦᠭᠦᠯᠬᠦ ᠬᠡᠷᠡᠭᠲᠡᠢ᠃ ︽ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠣᠷᠢ ᠤᠷᠤᠯᠳᠣᠬᠤ ᠮᠡᠲᠤ ᠪᠠᠷ ᠬᠦᠴᠦᠯᠡᠬᠦ︾ ᠲᠣᠭᠲᠠᠴᠠ ᠶᠢᠨ ᠦᠷ᠎ᠡ ᠳ᠋ᠦᠩ ᠤᠨ ᠬᠡᠷᠡᠭᠯᠡᠯᠲᠡ ᠪᠠᠨ ᠴᠢᠩᠭᠠᠳᠬᠠᠵᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠠᠬᠢᠴᠠ ᠨᠢ ᠤᠳᠠᠭᠠᠨ᠂ ᠤᠳᠠᠲᠠᠯ᠎ᠠ ᠠᠬᠢᠭᠤᠯᠵᠤ ᠳᠡᠶᠢᠯᠬᠦ ᠦᠭᠡᠢ ᠲᠥᠷᠥᠯ ᠵᠦᠢᠯ ᠢ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠫᠠᠶᠢᠰᠠ ᠡᠯᠬᠦᠨ ᠵᠠᠷᠯᠠᠨ ᠮᠡᠳᠡᠭᠳᠡᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠶᠠᠪᠤᠳᠠᠯ ᠢ ᠤᠳᠠᠭᠠᠨ ᠬᠢᠬᠦ ᠰᠠᠯᠠᠭ᠎ᠠ ᠮᠥᠴᠢᠷ ᠨᠢᠭᠡᠴᠡ ᠪᠠ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠬᠠᠷᠢᠭᠤᠴᠠᠯᠭ᠎ᠠ ᠶᠢ ᠭᠡᠳᠡᠷᠭᠦ ᠰᠢᠬᠠᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号