2024 ᠣᠨ ᠤ ᠴᠡᠷᠢᠭ ᠡᠯᠰᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/5/10
     5 ᠰᠠᠷ᠎ᠠ ᠶᠢᠨ 9 ᠤ ᠡᠳᠦᠷ᠂ 2024 ᠣᠨ ᠤ ᠴᠡᠷᠢᠭ ᠡᠯᠰᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠬᠠᠢ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠠᠬᠠᠯᠠᠬᠤ ᠬᠤᠷᠠᠩᠳᠠ ᠴᠤᠯᠠ ᠲᠠᠢ ᠺᠣᠮᠢᠰᠰᠠᠷ ᠿᠣᠣ ᠴᠥᠩ ᠱᠣ᠋᠂ ᠬᠤᠳᠠ ᠶᠢᠨ ᠳᠡᠳ᠋ ᠳᠠᠷᠤᠭ᠎ᠠ ᠵᠠᠩ ᠮᠢᠩ ᠮᠢᠩ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠢᠶᠣᠤ ᠲᠢᠶᠠᠨ ᠹᠧᠩ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠿᠣᠣ ᠴᠥᠩ ᠱᠣ᠋ ︽ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠳᠤ ᠲᠠᠨᠠᠷ ᠢ ᠱᠠᠭᠠᠷᠳᠠᠨ᠎ᠠ︾ ︽ᠴᠡᠷᠢᠭ ᠲᠤ ᠣᠷᠣᠵᠤ ᠤᠯᠤᠰ ᠲᠠᠭᠠᠨ ᠵᠢᠳᠬᠦᠬᠦ ᠴᠠᠭ ᠬᠦᠷᠴᠦ ᠢᠷᠡᠯ᠎ᠡ︾ ︽ᠪᠢᠷ ᠢᠶᠠᠨ ᠲᠠᠯᠪᠢᠭᠠᠳ ᠴᠡᠷᠢᠭ ᠲᠤ ᠮᠤᠷᠳᠠᠭᠰᠠᠳ ᠵᠠᠯᠠᠭᠤ ᠨᠠᠰᠤᠨ ᠳᠠᠭᠠᠨ ᠣᠰᠣᠯᠳᠣᠬᠤ ᠦᠭᠡᠢ︾ ᠭᠡᠬᠦ ᠭᠤᠷᠪᠠᠨ ᠲᠠᠯ᠎ᠠ ᠶᠢᠨ ᠲᠣᠭᠤᠷᠢᠨ ᠳᠤ᠂ ᠴᠡᠷᠢᠭ ᠡᠯᠰᠡᠬᠦ ᠬᠤᠯᠪᠤᠭᠳᠠᠯ ᠪᠦᠬᠦᠢ ᠲᠦᠷᠦ ᠶᠢᠨ ᠪᠣᠳᠣᠯᠭ᠎ᠠ ᠶᠢ ᠭᠦᠨᠵᠡᠭᠡᠢ ᠲᠠᠶᠢᠯᠪᠤᠷᠢᠯᠠᠪᠠ᠃ ᠡᠭᠦᠨ ᠤ ᠬᠠᠮᠲᠤ᠂ ᠥᠷᠭᠡᠨ ᠣᠯᠠᠨ ᠵᠠᠯᠠᠭᠤ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠴᠡᠷᠢᠭ ᠲᠤ ᠣᠷᠣᠬᠤ ᠪᠠᠷ ᠢᠳᠡᠪᠬᠢᠲᠡᠢ ᠪᠠᠷ ᠨᠡᠷ᠎ᠡ ᠮᠡᠳᠡᠭᠦᠯᠵᠦ᠂ ᠣᠲᠣ ᠦᠶ᠎ᠡ ᠶᠢᠨ ᠣᠶᠤᠲᠠᠳ ᠤᠨ ᠵᠣᠷᠢᠭ ᠰᠠᠨᠠᠭᠠᠨ ᠤ ᠴᠤᠭ ᠵᠢᠪᠬᠤᠭ᠎ᠠ ᠶᠢ ᠢᠯᠡᠷᠡᠭᠦᠯᠬᠦ ᠶᠢ ᠵᠣᠷᠢᠭᠵᠢᠭᠤᠯᠪᠡ᠃      ᠴᠡᠷᠢᠭ ᠡᠯᠰᠡᠬᠦ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠨᠢ ᠰᠤᠷᠭᠠᠭᠤᠯᠢ ᠳᠤ ᠪᠠᠶᠢᠭ᠎ᠠ ᠣᠶᠤᠲᠠᠳ ᠲᠤ ᠴᠡᠷᠢᠭ ᠡᠯᠰᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠭᠤᠯᠵᠤ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠨ᠂ ᠴᠡᠷᠢᠭ ᠡᠯᠰᠡᠬᠦ ᠲᠦᠷᠦ ᠶᠢᠨ ᠪᠣᠳᠣᠯᠭ᠎ᠠ ᠶᠢ ᠡᠵᠡᠮᠰᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ  ᠨᠢ ᠲᠠᠰᠤᠷᠠᠯᠲᠠ ᠦᠭᠡᠢ ᠴᠢᠩᠭᠠᠳᠬᠠᠵᠤ᠂ ᠴᠡᠷᠢᠭ ᠲᠤ ᠣᠷᠣᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠵᠡᠢ᠃      ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠴᠡᠷᠢᠭ ᠡᠯᠰᠡᠬᠦ ᠠᠯᠪᠠᠨ ᠭᠡᠷ ᠤᠨ ᠠᠵᠢᠯᠲᠠᠳ ᠣᠶᠤᠲᠠᠳ ᠲᠠᠢ ᠰᠠᠨᠠᠯ ᠢᠶᠠᠨ ᠰᠣᠯᠢᠯᠴᠠᠵᠤ᠂ ᠪᠡᠶ᠎ᠡ ᠶᠢᠨ ᠪᠠᠶᠢᠴᠠᠭᠠᠯᠲᠠ ᠶᠢᠨ ᠬᠢᠨᠠᠨ ᠬᠠᠷᠭᠤᠭᠤᠯᠬᠤ ᠪᠠᠷᠢᠮᠵᠢᠶ᠎ᠠ᠂ ᠬᠠᠷᠠᠭᠠᠯᠵᠠᠯ ᠦᠵᠡᠭᠦᠯᠵᠦ ᠲᠥᠪᠬᠢᠨᠡᠭᠦᠯᠬᠦ ᠲᠥᠷᠥ ᠶᠢᠨ ᠪᠣᠳᠣᠯᠭ᠎ᠠ ᠵᠡᠷᠭᠡ ᠬᠤᠯᠪᠣᠭᠳᠠᠯ ᠪᠦᠬᠦᠢ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠲᠤᠬᠠᠢ ᠶᠢᠨ ᠲᠠᠯᠠᠪᠤᠷ ᠲᠤᠨᠢ ᠲᠠᠶᠢᠯᠪᠤᠷᠢᠯᠠᠨ ᠤᠬᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号