ᠬᠤᠲᠠ ᠶᠢᠨ ᠵᠠᠰᠠᠭ ᠤᠨ ᠣᠷᠳᠣᠨ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠣᠯᠳᠠ ᠶᠢᠨ ᠬᠢᠵᠠᠭᠠᠷᠳᠣ ᠺᠤᠮᠫᠠᠨᠢ ᠯᠤᠭ᠎ᠠ ᠶᠠᠷᠢᠯᠴᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/5/10
     5 ᠰᠠᠷ᠎ᠠ ᠶᠢᠨ 9 ᠤ ᠡᠳᠦᠷ᠂ ᠬᠤᠳᠠ ᠶᠢᠨ ᠵᠠᠰᠠᠭ ᠤᠨ ᠣᠷᠳᠣᠨ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠯᠤᠭ᠎ᠠ ᠶᠠᠷᠢᠯᠴᠠᠬᠤ ᠬᠤᠷᠠᠯ ᠬᠤᠷᠠᠯᠳᠣᠭᠤᠯᠵᠦ᠂ ᠲᠤᠰᠬᠠᠢ ᠲᠦᠷᠦᠯ ᠤᠨ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠴᠢᠯᠦᠭᠡᠵᠢᠯᠲᠡ᠂ ᠰᠠᠭᠤᠷᠢ ᠮᠥᠩᠭᠦ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠪᠡ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠵᠠᠩ ᠶᠢᠨ ᠯᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃      ᠼᠦᠢ ᠵᠢᠩ ᠶᠢᠩ ᠵᠠᠩ ᠶᠢᠨ ᠯᠢᠶᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠦᠬᠠᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠣᠷᠣᠨ ᠵᠠᠢ ᠪᠠᠨ ᠥᠷᠭᠡᠳᠬᠡᠵᠦ᠂ ᠥᠷᠢ ᠥᠭᠴᠡᠭᠡ ᠶᠢ ᠰᠢᠢᠳᠪᠦᠷᠢᠯᠡᠬᠦ᠂ ᠰᠤᠯᠠ ᠪᠠᠶᠢᠬᠤ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠰᠠᠭᠤᠷᠢ ᠮᠥᠩᠭᠦᠨ ᠤ ᠠᠵᠢᠯᠯᠠᠭᠠᠨ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠵᠠᠩ ᠶᠢᠨ ᠯᠢᠶᠠᠩ ᠺᠣᠮᠫᠠᠨᠢ ᠶᠢᠨ ᠦᠨᠳᠦᠰᠦᠨ ᠪᠠᠶᠢᠳᠠᠯ ᠵᠢᠴᠢ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠵᠠᠭᠪᠤᠷ ᠢᠶᠠᠨ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠣᠷᠣᠨ ᠪᠦᠰᠡ ᠶᠢᠨ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠠᠷᠢᠯᠭᠠᠬᠤ ᠲᠠᠯ᠎ᠠ ᠪᠠᠷ ᠦᠬᠠᠢ ᠬᠤᠲᠠ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号