ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10
     5 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠲᠤᠬᠠᠢ ᠰᠤᠳᠤᠯᠤᠨ ᠠᠬᠢᠭᠤᠯᠪᠠ᠃ ᠬᠤᠲᠠ ᠶᠢᠨ ᠤᠳᠤᠷᠢᠳᠤᠯᠭ᠎ᠠ ᠭᠧᠩ ᠬᠠᠢ ᠵᠢᠶᠦ᠋ᠨ᠂ ᠵᠠᠩ ᠮᠢᠩ ᠮᠢᠩ᠂ ᠭᠤᠸ ᠪᠥᠸᠧ ᠣᠷᠣᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠨᠢᠭᠡ ᠡᠭᠡᠯᠵᠢ ᠶᠢᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠂ ᠮᠥᠨᠴᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠲᠦᠷᠦ ᠶᠢᠨ ᠪᠣᠳᠣᠯᠭ᠎ᠠ ᠶᠢ ᠰᠤᠳᠤᠯᠵᠤ᠂ ᠲᠦᠷᠦ ᠶᠢᠨ ᠪᠣᠳᠣᠯᠭ᠎ᠠ ᠶᠢ ᠨᠡᠪᠲᠡᠷᠬᠡᠢ ᠣᠶᠢᠯᠠᠭᠠᠵᠤ᠂ ᠲᠦᠷᠦ ᠶᠢᠨ ᠪᠣᠳᠣᠯᠭ᠎ᠠ ᠶᠢ ᠡᠵᠡᠮᠰᠢᠵᠦ᠂ ᠡᠷᠲᠡ ᠠᠴᠠ ᠠᠷᠭ᠎ᠠ ᠰᠦᠪᠡᠭᠴᠢᠯᠡᠵᠦ᠂ ᠡᠷᠲᠡ ᠠᠴᠠ ᠭᠠᠷ ᠬᠥᠳᠡᠯᠵᠦ᠂ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠲᠣᠭᠤᠷᠢᠨ ᠳᠤ ᠲᠤᠨᠤᠭ ᠲᠥᠬᠦᠭᠡᠷᠦᠮᠵᠢ ᠶᠢ ᠰᠢᠨᠡᠳᠭᠡᠬᠦ ᠰᠠᠭᠤᠷᠢ ᠲᠤᠭ᠎ᠠ ᠶᠢ ᠣᠨᠣᠪᠴᠢᠲᠠᠢ ᠣᠶᠢᠯᠠᠭᠠᠵᠤ᠂ ᠡᠮᠦᠨᠡᠬᠢ ᠬᠤᠭᠤᠴᠠᠭᠠᠨ ᠤ ᠠᠵᠢᠯ ᠢᠶᠠᠨ ᠰᠠᠶᠢᠲᠤᠷ ᠬᠢᠵᠦ᠂ ᠲᠦᠷᠦᠯ ᠵᠦᠢᠯ ᠤᠨ ᠨᠥᠭᠡᠴᠡᠯᠡᠯᠲᠡ ᠪᠠᠨ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠦᠷᠦ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ᠃ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠭᠡᠬᠦ ᠶᠢ ᠠᠬᠢᠭᠤᠯᠬᠤ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠠᠭᠤᠰᠤᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠰᠠᠶᠢᠲᠤᠷ ᠠᠳᠬᠤᠬᠤ ᠲᠠᠢ ᠤᠶᠠᠯᠳᠤᠭᠤᠯᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ ᠬᠠᠮ ᠠᠷᠭ᠎ᠠ ᠪᠠᠷᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠪᠠᠨ ᠴᠢᠩᠭᠠᠳᠬᠠᠵᠤ᠂ ᠬᠦᠷᠢᠶ᠎ᠡ ᠬᠡᠪᠴᠢᠶ᠎ᠡ ᠪᠠ ᠹᠷᠣᠨᠲ ᠬᠤᠪᠢᠶᠠᠨ ᠠᠰᠢᠭᠲᠠᠢ ᠲᠦᠷᠦ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠢ ᠬᠠᠪᠰᠤᠷᠤᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠭᠦᠯᠵᠦ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠡᠵᠡᠩᠨᠡᠯᠲᠡ ᠶᠢᠨ ᠭᠤᠣᠯ ᠴᠣᠭᠴᠠ ᠳᠤ ᠰᠢᠭᠤᠳ ᠬᠦᠷᠭᠡᠬᠦ ᠶᠢ ᠠᠬᠢᠭᠤᠯᠵᠤ᠂ ᠬᠠᠷᠠᠭᠠᠯᠵᠠᠯᠲᠤ ᠪᠣᠳᠠᠲᠤ ᠠᠰᠢᠭ ᠲᠤᠰᠠ ᠶᠢ ᠲᠦᠭ ᠲᠦᠮᠡᠨ ᠠᠶᠢᠯ ᠡᠷᠦᠬᠡ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ  ᠪᠠᠨ ᠴᠢᠩᠭᠠᠳᠬᠠᠵᠤ᠂ ᠶᠡᠷᠦᠩᠬᠡᠢ ᠲᠥᠰᠥᠯ ᠪᠣᠯᠣᠨ ᠡᠯ᠎ᠡ ᠬᠦᠷᠢᠶᠡᠨ ᠤ ᠬᠡᠷᠡᠭᠵᠢᠭᠦᠯᠬᠦ ᠲᠥᠰᠥᠯ ᠢᠶᠠᠨ ᠲᠦᠷᠭᠡᠨ ᠲᠣᠭᠲᠠᠭᠠᠵᠤ᠂ ᠲᠤᠨᠤᠭ ᠲᠥᠬᠦᠭᠡᠷᠦᠮᠵᠢ ᠶᠢ ᠰᠢᠨᠡᠳᠬᠡᠬᠦ᠂ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ᠂ ᠡᠭᠡᠭᠦᠯᠦᠨ ᠬᠤᠷᠢᠶᠠᠵᠤ ᠣᠷᠴᠢᠯᠳᠤᠭᠤᠯᠤᠨ ᠠᠰᠢᠭᠯᠠᠬᠤ᠂ ᠪᠠᠷᠢᠮᠵᠢᠶ᠎ᠠ ᠪᠠᠨ ᠳᠡᠭᠡᠭᠰᠢᠯᠡᠭᠦᠯᠬᠦ ︽ᠲᠦᠷᠪᠡᠨ ᠶᠡᠭᠡ ᠠᠵᠢᠯᠯᠠᠭ᠎ᠠ︾ ᠶᠢ ᠴᠢᠩᠭ᠎ᠠ ᠪᠦᠭᠡᠳ ᠨᠠᠷᠢᠯᠢᠭ ᠠᠳᠬᠤᠵᠤ᠂ ᠡᠯ᠎ᠡ ᠵᠦᠢᠯ ᠤᠨ ᠠᠵᠢᠯ ᠢᠶᠠᠨ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号