ᠮᠠᠨ ᠤ ᠬᠤᠲᠠ ︽ᠳᠡᠯᠡᠬᠡᠢ ᠶᠢᠨ ᠤᠯᠠᠭᠠᠨ ᠵᠠᠭᠠᠯᠮᠠᠶᠢᠲᠠᠨ ᠤ ᠡᠳᠦᠷ︾ ᠢ ᠳᠤᠷᠠᠰᠬᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/13
   ᠣᠶᠢᠷ᠎ᠠ ᠳᠤ᠂ ᠮᠠᠨ ᠤ ᠬᠤᠲᠠ ᠦᠬᠠᠢ ᠨᠠᠭᠤᠷ ᠤᠨ ᠰᠡᠯᠡᠭᠦᠴᠡᠨ ᠠᠮᠠᠷᠠᠬᠤ ᠵᠢᠭᠤᠯᠴᠢᠯᠠᠯ ᠤᠨ ᠣᠷᠣᠨ ᠤ ᠨᠢᠭᠡᠳᠦᠭᠡᠷ ᠭᠠᠷᠠᠮ ᠳᠤ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠶᠢᠭᠤᠯᠤᠭᠳᠠᠭᠰᠠᠨ 120 ᠵᠢᠯ ᠤᠨ ᠣᠶ ᠵᠢᠴᠢ ︿ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ﹀ ᠢ ᠪᠡᠯᠭᠡᠯᠡᠬᠦ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠮᠧᠳᠠᠯ︾ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠬᠠᠨᠳᠢᠪ ᠤᠨ ᠮᠧᠳᠠᠯ︾ ᠬᠦᠷᠲᠡᠭᠰᠡᠨ ᠠᠵᠤ ᠠᠬᠤᠶᠢᠯᠠᠯ ᠤᠨ ᠲᠥᠯᠥᠭᠡᠯᠡᠭᠴᠢᠳ ᠲᠤ ᠱᠠᠩᠨᠠᠯ ᠣᠯᠭᠤᠵᠤ᠂ ᠡᠭᠦᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠢᠷᠠᠭᠤ ᠠᠯᠳᠠᠷ ᠭᠥᠷᠳᠡᠭᠰᠡᠨ 4 ᠰᠤᠷᠭᠠᠭᠤᠯᠢ᠂ 5 ᠠᠨᠠᠭᠠᠬᠤ ᠤᠬᠠᠭᠠᠨ ᠤ ᠬᠠᠨᠳᠢᠪᠯᠡᠬᠤ ᠦᠢᠯᠡᠴᠢᠯᠡᠭᠡᠨ ᠤ ᠥᠷᠲᠡᠭᠡ ᠳᠤ ᠫᠠᠶᠢᠰᠠ ᠣᠯᠭᠤᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠲᠦᠭᠡᠮᠡᠯ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠯᠪᠠᠰᠤᠷᠠᠭᠤᠯᠤᠯ ᠥᠷᠨᠢᠭᠦᠯᠵᠦ᠂ 40 ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠵᠢᠷᠦᠬᠡ ᠠᠭᠤᠰᠬᠢ ᠶᠢ ᠰᠡᠷᠭᠦᠭᠡᠬᠦ ᠤᠷ᠎ᠠ ᠴᠢᠳᠠᠪᠤᠷᠢ ᠶᠢ ᠲᠤᠬᠠᠢ ᠶᠢᠨ ᠲᠠᠯᠠᠪᠤᠷ ᠲᠤ ᠵᠢᠭᠠᠨ ᠦᠭᠴᠦ᠂ ᠬᠤᠲᠠ ᠶᠢᠨ ᠠᠷᠠᠳ ᠣᠶᠢᠷ᠎ᠠ ᠵᠠᠢ  ᠠᠴᠠ ᠣᠶᠢᠯᠠᠭᠠᠵᠣ᠂ ᠬᠤᠯᠪᠤᠭᠳᠠᠯ ᠪᠦᠬᠦᠢ ᠮᠡᠳᠡᠯᠭᠡ ᠶᠢ ᠰᠤᠷᠤᠯᠴᠠᠭᠰᠠᠨ ᠪᠠᠶᠢᠨ᠎ᠠ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽2024 ᠣᠨ ᠤ ︿ᠬᠠᠷᠠᠭ᠎ᠠ ᠣᠷᠣᠭᠤᠯᠬᠤ ᠠᠶᠠᠯᠠᠯ﹀ ᠤᠨ ᠴᠠᠭᠠᠨ ᠬᠠᠷᠠᠩ ᠤᠨ ᠡᠪᠡᠳᠴᠢᠨ ᠢ ᠰᠢᠭᠰᠢᠨ ᠪᠠᠶᠢᠴᠠᠭᠠᠬᠤ︾ ᠠᠵᠢᠯᠯᠠᠭ᠎ᠠ ᠥᠷᠨᠢᠭᠦᠯᠵᠦ᠂ ᠨᠥᠬᠦᠴᠡᠯ ᠳᠤ ᠨᠡᠶᠢᠴᠡᠬᠦ ᠬᠤᠲᠠ ᠶᠢᠨ ᠠᠷᠠᠳ ᠤᠨ ᠬᠠᠷᠠᠭ᠎ᠠ ᠶᠢ ᠦᠨ᠎ᠡ ᠲᠥᠯᠥᠪᠦᠷᠢ ᠦᠭᠡᠢ ᠪᠠᠷ ᠰᠢᠯᠭᠠᠨ ᠪᠠᠶᠢᠴᠠᠭᠠᠵᠤ᠂ ᠡᠪᠡᠳᠴᠢᠨ ᠡᠮᠭᠡᠭ ᠢ ᠨᠢ ᠰᠢᠭᠰᠢᠨ ᠪᠠᠶᠢᠴᠠᠭᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号