ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠠᠶᠠᠯᠠᠯ ᠤᠨ ᠭᠤᠣᠯ ᠰᠡᠳᠦᠪᠲᠦ ᠣᠬᠠᠭᠤᠯᠭ᠎ᠠ ᠶᠢᠨ ᠲᠠᠶᠢᠯᠤᠮᠵᠢ ᠮᠠᠨ ᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/13
     5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠭᠤᠣᠯᠯᠠᠨ ᠡᠷᠬᠢᠯᠡᠭᠰᠡᠨ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠠᠶᠠᠯᠠᠯ ᠤᠨ ᠭᠤᠣᠯ ᠰᠡᠳᠦᠪᠲᠦ ᠣᠬᠠᠭᠤᠯᠭ᠎ᠠ ᠶᠢᠨ ᠲᠠᠶᠢᠯᠤᠮᠵᠢ ᠵᠢᠴᠢ ︽ᠠᠨᠠᠷ ᠤᠨ ᠦᠷ᠎ᠡ ᠪᠠᠷ ᠡᠯᠧᠺᠲᠷᠤᠨᠴᠢᠯᠠᠶ᠎ᠠ— ᠲᠦᠷᠦ ᠶᠢᠨ ᠪᠣᠳᠣᠯᠭ᠎ᠠ ᠮᠡᠷᠭᠡᠵᠢᠯ ᠦᠢᠯᠡᠴᠢᠯᠡᠭᠡ ᠬᠦᠷᠭᠡᠬᠦ︾ᠠᠵᠢᠯᠯᠠᠭ᠎ᠠ ᠬᠠᠶᠢᠨᠠᠨ ᠲᠣᠭᠤᠷᠢᠭ ᠲᠤ ᠡᠬᠢᠯᠡᠪᠡ᠃      ᠲᠣᠰ ᠤᠳᠠᠭᠠᠨ ᠤ ᠠᠵᠢᠯᠯᠠᠭ᠎ᠠ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠠᠶᠠᠯᠠᠯ ᠤᠨ ᠭᠤᠣᠯ ᠰᠡᠳᠦᠪᠲᠦ ᠣᠬᠠᠭᠤᠯᠭ᠎ᠠ ᠶᠢᠨ ᠲᠠᠶᠢᠯᠤᠮᠵᠢ᠂ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠶᠢᠯᠠᠭᠠᠯᠲᠠ︾ ᠶᠢᠨ ᠦᠵᠡᠭᠦᠯᠦᠯᠭᠡ ᠵᠡᠷᠭᠡ ᠠᠵᠢᠯᠯᠠᠭ᠎ᠠ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠪᠡ᠃ ᠠᠵᠢᠯᠯᠠᠭ᠎ᠠ ᠶᠢᠨ ᠠᠭᠤᠯᠭ᠎ᠠ ᠳᠤ ᠨᠠᠮ ᠤᠨ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠬᠤᠪᠢᠰᠬᠠᠯ ᠤᠨ ᠭᠤᠣᠯ ᠰᠡᠳᠦᠪᠲᠦ ᠲᠠᠯᠠᠪᠤᠷ ᠣᠷᠳᠣᠨ ᠤ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠲᠤᠰᠬᠠᠢ ᠰᠡᠳᠦᠪᠲᠦ ᠲᠠᠶᠢᠯᠤᠮᠵᠢ᠂ ᠤᠷᠠᠨ ᠪᠢᠴᠢᠯᠭᠡ ᠤᠷᠠᠨ ᠵᠢᠷᠤᠭ ᠤᠨ ᠵᠣᠬᠢᠶᠠᠨ ᠪᠦᠲᠦᠭᠡᠯᠭᠡ᠂ ︽ᠪᠢᠴᠢᠯ ᠳᠤᠮᠳᠠᠳᠤ ᠤᠯᠤᠰ ᠤᠨ ᠵᠤᠭᠠᠴᠠᠨ ᠦᠵᠡᠬᠦ︾ ᠪᠦᠲᠦᠭᠡᠯᠴᠢ ᠴᠤᠭᠯᠠᠭ᠎ᠠ ᠮᠠᠶᠢᠮᠠᠢ ᠵᠡᠷᠭᠡ ᠶᠢ ᠪᠠᠭᠳᠠᠭᠠᠵᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠰᠣᠨᠣᠰᠴᠤ ᠣᠶᠢᠯᠠᠭᠠᠬᠤ᠂ ᠬᠦᠯᠢᠶᠡᠨ ᠠᠪᠴᠤ ᠳᠡᠶᠢᠯᠬᠦ ᠪᠣᠷᠣᠭᠵᠢᠭᠤᠨ ᠦᠭᠡ ᠬᠡᠯᠡ ᠪᠠ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠨᠠᠮ ᠤᠨ ᠬᠠᠮᠤᠭ ᠤᠨ ᠰᠢᠨ᠎ᠡ ᠤᠨᠤᠯ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠢ ᠤᠭ ᠰᠠᠨᠠᠭ᠎ᠠ ᠪᠠᠨ ᠦᠯᠦ ᠮᠠᠷᠲᠠᠨ ᠨᠠᠮ ᠤᠨ ᠠᠴᠢ ᠶᠢ ᠬᠠᠷᠢᠭᠤᠯᠬᠤ ᠪᠠᠷ ᠬᠥᠮᠥᠵᠢᠭᠦᠯᠦᠨ ᠵᠢᠯᠤᠭᠤᠳᠴᠤ᠂ ᠨᠠᠮ ᠤᠨ ᠦᠭᠡ ᠶᠢ ᠭᠤᠶᠢᠪᠢᠰᠢ ᠦᠭᠡᠢ ᠰᠣᠨᠣᠰᠴᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠠᠪᠤᠳᠠᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠪᠤᠯᠤᠨ᠎ᠠ᠃      ᠤᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠲᠤᠰ ᠣᠳᠠᠭᠠᠨ ᠤ ᠠᠵᠢᠯᠯᠠᠭ᠎ᠠ ᠶᠢᠨ ᠰᠤᠷᠤᠯᠴᠠᠯᠭ᠎ᠠ ᠪᠠ ᠰᠣᠯᠢᠯᠴᠠᠭᠠᠨ ᠤ ᠦᠷ᠎ᠡ ᠪᠦᠲᠦᠭᠡᠯ ᠢᠶᠠᠨ ᠲᠤᠬᠠᠶᠢᠯᠠᠭᠰᠠᠨ ᠠᠵᠢᠯ ᠳᠠᠭᠠᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠠᠤᠭ᠎ᠠ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号