ᠲᠠᠩ ᠢ ᠭᠤᠣᠯ ᠴᠠᠭᠳᠠᠬᠤ ᠶᠢᠨ ᠬᠠᠮᠲᠤ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/5/13
     5 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠶᠡᠷᠦᠩᠬᠡᠢ ᠭᠤᠣᠯ ᠤᠨ ᠳᠠᠷᠤᠭ᠎ᠠ ᠲᠠᠩ ᠢ ᠭᠤᠣᠯ ᠴᠠᠭᠳᠠᠬᠤ ᠠᠵᠢᠯ ᠥᠷᠨᠢᠭᠦᠯᠦᠭᠰᠡᠨ ᠪᠥᠭᠡᠳ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠣᠣ ᠣᠷᠣᠯᠴᠠᠪᠡ᠃

     ᠲᠠᠩ ᠢ ᠤᠷᠢᠳ ᠬᠤᠵᠢᠳ ᠪᠤᠭᠤᠲᠤ ᠠᠴᠠ ᠯᠠᠨᠵᠧᠦ ᠬᠦᠷᠬᠦ ᠲᠡᠮᠦᠷ ᠵᠠᠮ ᠤᠨ ᠶᠡᠭᠡ ᠬᠥᠭᠦᠷᠭᠡ ᠶᠢᠨ ᠡᠮᠦᠨ᠎ᠡ

ᠲᠠᠯ᠎ᠠ ᠶᠢᠨ ᠬᠠᠳᠤᠨ ᠭᠤᠣᠯ ᠤᠨ ᠪᠠᠷᠠᠭᠤᠨ ᠡᠷᠭᠢ ᠶᠢᠨ ᠬᠠᠶᠢᠨᠠᠨ ᠠᠴᠠ ᠤᠳᠠ ᠬᠦᠷᠬᠦ ᠬᠦᠨᠳᠦ ᠠᠴᠢᠶᠠᠨ ᠤ ᠵᠠᠰᠠᠮᠠᠯ

ᠵᠠᠮ ᠤᠨ ᠬᠠᠷᠢᠯᠴᠠᠨ ᠨᠡᠪᠲᠡᠷᠡᠬᠦ ᠵᠥᠷᠢᠯᠢᠭ ᠬᠥᠭᠦᠷᠭᠡ ᠶᠢᠨ ᠲᠤᠭᠤᠷᠢᠯ ᠵᠠᠮ ᠤᠨ ᠬᠠᠮᠠᠭᠠᠯᠠᠯᠲᠠ ᠶᠢᠨ ᠢᠨᠵᠧᠨᠧᠷᠢᠩ᠂

ᠹᠧᠩ ᠬᠤᠸᠠᠩ ᠯᠢᠩ ᠳᠠᠪᠠᠭ᠎ᠠ ᠵᠢᠴᠢ ᠡᠷᠬᠢᠨ ᠲᠣᠭᠤᠷᠢᠨ ᠤ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ

ᠢᠨᠵᠧᠨᠧᠷᠢᠩ ᠤᠨ ᠳᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠢᠨᠵᠧᠨᠧᠷᠢᠩ ᠤᠨ ᠲᠥᠯᠦᠪᠵᠢᠭᠦᠯᠭᠡ᠂

ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠭᠤᠣᠯ ᠤᠨ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ

ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠢᠯ ᠤᠨ ᠲᠤᠮᠳᠠ ᠣᠷᠣᠰᠢᠵᠤ ᠪᠠᠶᠢᠭ᠎ᠠ

ᠠᠰᠠᠭᠤᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ

ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠰᠢ ᠶᠢᠨ ᠫᠢᠩ ᠶᠡᠷᠦᠩᠬᠡᠢ ᠱᠦᠵᠢ ᠪᠡᠶ᠎ᠡ ᠪᠠᠷ ᠢᠶᠠᠨ

ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠤᠯᠤᠰ ᠤᠨ

ᠪᠠᠶᠢᠯᠳᠤᠬᠤ ᠪᠣᠳᠣᠯᠭ᠎ᠠ ᠮᠥᠨ᠂ ᠨᠠᠮ ᠤᠨ ᠲᠥᠪ ᠬᠤᠷᠢᠶᠠᠨ ᠤ ᠠᠯᠤᠰ ᠬᠡᠳᠦ ᠶᠢ ᠪᠣᠳᠣᠯᠬᠢᠯᠠᠵᠤ ᠭᠠᠷᠭᠠᠭᠰᠠᠨ

ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠃ ᠬᠠᠲᠤᠨ ᠭᠤᠣᠯ ᠤᠨ ᠰᠠᠪᠠ ᠭᠠᠵᠠᠷ ᠤᠨ ᠠᠮᠢ

ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠬᠤ ᠶᠢᠨ ᠲᠤᠶᠢᠯ ᠤᠨ ᠴᠢᠬᠤᠯᠠ

ᠴᠢᠨᠠᠷ ᠪᠠ ᠪᠣᠳᠠᠲᠠᠢ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠬᠠᠲᠤᠨ ᠭᠤᠣᠯ ᠤᠨ ᠥᠪᠥᠷ ᠮᠣᠩᠭᠤᠯ ᠳᠤ ᠣᠷᠣᠬᠤ

ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ ᠱᠠᠲᠤᠨ ᠤ ᠭᠤᠣᠯ ᠤᠨ

ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠡᠯ᠎ᠡ

ᠵᠦᠢᠯ ᠤᠨ ᠠᠵᠢᠯ ᠢᠶᠠᠨ ᠪᠣᠳᠠᠲᠠᠢ ᠪᠥᠭᠡᠳ ᠨᠠᠷᠢᠯᠢᠭ ᠠᠳᠬᠤᠵᠤ᠂ ᠬᠠᠲᠤᠨ ᠭᠤᠣᠯ ᠤᠨ ᠦᠬᠠᠢ ᠶᠢᠨ ᠬᠡᠰᠡᠭ ᠤᠨ

ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ︽ᠬᠦᠯᠢᠶᠡᠬᠦ᠂ ᠲᠦᠰᠢᠭᠯᠡᠬᠦ︾ ᠦᠵᠡᠯ ᠰᠠᠨᠠᠭ᠎ᠠ ᠶᠢ ᠡᠷᠡᠰ

ᠲᠡᠪᠴᠢᠵᠦ᠂ ︽ᠤᠳᠠᠭᠠᠨ︾ ᠪᠠᠶᠢᠬᠤ ᠠᠰᠠᠭᠤᠳᠠᠯ ᠢᠶᠠᠨ ᠰᠠᠶᠢᠲᠤᠷ ᠰᠢᠢᠳᠪᠦᠷᠢᠯᠡᠵᠦ᠂ ᠤᠷᠢᠳᠴᠢᠯᠠᠨ ᠬᠦᠢᠴᠡᠳᠭᠡᠬᠦ ᠪᠠᠨ

ᠰᠠᠶᠢᠲᠤᠷ ᠪᠡᠶᠡᠯᠡᠬᠦᠯᠵᠦ᠂ ᠬᠠᠶᠢᠨᠠᠨ ᠠᠴᠠ ᠤᠳᠠ ᠬᠦᠷᠬᠦ ᠬᠦᠨᠳᠦ ᠠᠴᠢᠶᠠᠨ ᠤ ᠵᠠᠰᠠᠮᠠᠯ ᠵᠠᠮ ᠤᠨ ᠬᠠᠷᠢᠯᠴᠠᠨ

ᠨᠡᠪᠲᠡᠷᠡᠬᠦ ᠵᠥᠷᠢᠯᠢᠭ ᠬᠥᠭᠦᠷᠭᠡ ᠶᠢᠨ ᠲᠣᠭᠤᠷᠢᠯ ᠵᠠᠮ ᠤᠨ ᠬᠠᠮᠠᠭᠠᠯᠠᠯᠲᠠ ᠶᠢᠨ ᠢᠨᠵᠧᠨᠧᠷᠢᠩ ᠤᠨ ᠪᠦᠲᠦᠭᠡᠨ

ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠷᠲᠡᠬᠡᠨ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ

ᠣᠷᠣᠭᠤᠯᠬᠤ ᠪᠠᠷ ᠴᠢᠷᠮᠠᠶᠢᠵᠤ᠂ ᠡᠷᠭᠢ ᠶᠢᠨ ᠱᠤᠭᠤᠮ ᠤᠨ ᠬᠠᠮᠠᠭᠠᠯᠠᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ

ᠬᠡᠷᠡᠭᠲᠡᠢ᠃ ᠵᠡᠭᠦᠨ ᠠᠭᠤᠯᠠ ᠶᠢᠨ ᠵᠠᠯᠭᠠᠯᠳᠤᠭᠰᠠᠨ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ

ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠹᠧᠩ ᠬᠤᠸᠠᠩ ᠯᠢᠩ ᠳᠠᠪᠠᠭ᠎ᠠ ᠵᠢᠴᠢ ᠡᠷᠬᠢᠨ ᠲᠣᠭᠤᠷᠢᠨ ᠤ ᠵᠢᠵᠢᠭ

ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠵᠡᠭᠦᠨ ᠠᠭᠤᠯᠠ ᠶᠢᠨ ᠠᠮᠢ ᠠᠬᠤᠢ ᠶᠢᠨ ᠬᠤᠩᠭᠢᠯ ᠵᠠᠮ ᠤᠨ

ᠪᠦᠲᠦᠭᠡᠨ ᠪᠠᠶᠢᠭᠤᠯᠤᠯᠲᠠ ᠲᠠᠢ ᠣᠷᠭᠠᠨᠢᠭ ᠢᠶᠠᠷ ᠤᠶᠠᠯᠳᠤᠭᠤᠯᠵᠤ᠂ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢ

ᠴᠢᠩᠭ᠎ᠠ ᠬᠡᠷᠡᠭᠵᠢᠭᠦᠯᠵᠦ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠭᠠᠵᠠᠷ ᠣᠷᠣᠨ ᠤ ᠪᠠᠶᠢᠳᠠᠯ ᠳᠠᠭᠠᠨ

ᠲᠣᠬᠢᠷᠠᠭᠤᠯᠤᠨ ᠠᠮᠢ ᠠᠬᠤᠢ ᠶᠢᠨ ᠵᠠᠰᠠᠯᠲᠠ ᠶᠢ ᠰᠠᠶᠢᠲᠤᠷ ᠬᠢᠵᠦ᠂ ᠬᠤᠳᠠ ᠶᠢᠨ ᠪᠣᠬᠢᠷᠲᠤᠯ ᠦᠭᠡᠢ ᠠᠮᠢ ᠠᠬᠤᠢ ᠶᠢᠨ

ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠵᠠᠰᠠᠯᠲᠠ ᠶᠢᠨ ᠤᠯᠠᠨ

ᠡᠰᠢᠲᠦ ᠣᠷᠣᠭᠤᠯᠤᠯᠲᠠ ᠶᠢᠨ ᠲᠣᠭᠲᠠᠴᠠ ᠶᠢ ᠨᠠᠷᠢᠨ ᠬᠢᠨᠠᠮᠠᠭᠠᠢ ᠰᠤᠳᠤᠯᠤᠨ ᠰᠦᠪᠡᠭᠴᠢᠯᠡᠵᠦ᠂ ᠨᠡᠶᠢᠭᠡᠮ ᠤᠨ

ᠬᠥᠷᠥᠩᠭᠡ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠵᠤ᠂ ᠪᠣᠬᠢᠷᠲᠤᠯ

ᠦᠭᠡᠢ ᠦᠵᠡᠰᠬᠦᠯᠡᠩᠲᠦ ᠰᠠᠶᠢᠬᠠᠨ ᠬᠤᠳᠠ ᠶᠢᠨ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号