ᠡᠮᠡᠭᠳᠠᠶᠢᠴᠦᠳ ᠤᠨ ᠡᠷᠭᠡ ᠠᠰᠢᠭ ᠢ ᠪᠠᠳᠤᠯᠠᠬᠤ ᠬᠠᠤᠯᠢ ︵ᠬᠤᠶᠠᠷ︶
ᠨᠡᠶᠢᠲᠡᠯᠡᠭᠰᠡᠨ ᠴᠠᠭ᠄
2024/5/13
   ᠲᠠᠪᠤᠳᠤᠭᠠᠷ ᠪᠦᠯᠦᠭ᠂ ᠡᠳ᠋ ᠬᠦᠷᠦᠩᠭᠡ ᠶᠢᠨ ᠡᠷᠭᠡ ᠠᠰᠢᠭ    ᠭᠤᠴᠢᠳᠤᠭᠠᠷ ᠵᠦᠢᠯ᠂ ᠤᠯᠤᠰ ᠠᠴᠠ ᠡᠮᠡᠭᠲᠠᠶᠢᠴᠦᠳ ᠤᠨ ᠡᠷᠡᠭᠲᠠᠶᠢᠴᠦᠳ ᠲᠠᠢ ᠠᠳᠠᠯᠢ ᠲᠡᠭᠰᠢ ᠪᠠᠷ ᠡᠳ᠋ ᠬᠦᠷᠦᠩᠭᠡ ᠶᠢᠨ ᠡᠷᠭᠡ ᠡᠳ᠋ᠯᠡᠬᠦ ᠶᠢ ᠪᠠᠳᠤᠯᠠᠨ᠎ᠠ᠃    ᠭᠤᠴᠢᠨ ᠨᠢᠭᠡᠳᠦᠭᠡᠷ ᠵᠦᠢᠯ᠂ ᠤᠷᠤᠭ᠂ ᠭᠡᠷ ᠪᠦᠯᠢ ᠶᠢᠨ ᠬᠠᠮᠳᠦ ᠪᠠᠷ ᠦᠮᠴᠢᠯᠡᠬᠦ ᠡᠳ᠋ ᠬᠦᠷᠦᠩᠭᠡ ᠶᠢᠨ ᠬᠠᠷᠢᠴᠠᠭᠠᠨ ᠤ ᠲᠤᠮᠳᠠ ᠡᠮᠡᠭᠲᠠᠶᠢᠴᠦᠳ ᠤᠨ ᠬᠠᠤᠯᠢ ᠶᠤᠰᠤᠭᠠᠷ ᠡᠳ᠋ᠯᠡᠬᠦ ᠡᠷᠭᠡ ᠠᠰᠢᠭ ᠢ ᠬᠤᠬᠢᠷᠠᠭᠤᠯᠵᠦ ᠪᠤᠯᠬᠤ ᠦᠭᠡᠢ᠃    ᠭᠤᠴᠢᠨ ᠬᠤᠶᠠᠳᠤᠭᠠᠷ ᠵᠦᠢᠯ᠂ ᠡᠮᠡᠭᠲᠠᠶᠢᠴᠦᠳ ᠬᠦᠳᠡᠭᠡ ᠲᠤᠰᠬᠤᠨ‌‍ᠳᠤ ᠭᠠᠵᠠᠷ ᠲᠠᠷᠢᠶ᠎ᠡ ᠲᠠᠭᠠᠭᠠᠴᠢᠯᠠᠨ ᠡᠵᠡᠩᠨᠡᠬᠦ᠂ ᠬᠠᠮᠳᠦ‌‍ᠶᠢᠨ ᠠᠵᠦ ᠠᠬᠤᠢ‌‍ᠶᠢᠨ ᠵᠤᠬᠢᠶᠠᠨ ᠪᠠᠶᠢᠭᠤᠯᠤᠯᠳᠠ‌‍ᠶᠢᠨ ᠠᠰᠢᠭ ᠤᠯᠵᠠᠪᠤᠷᠢ ᠬᠤᠪᠢᠶᠠᠷᠢᠯᠠᠬᠤ᠂ ᠭᠠᠵᠠᠷ‌‍ᠲ᠋ᠠᠷᠢᠶ᠎ᠡ ᠲᠠᠳᠠᠪᠤᠷᠢᠯᠠᠬᠤ ᠪᠤᠶᠤ ᠲᠠᠳᠠᠪᠤᠷᠢᠯᠠᠨ ᠬᠡᠷᠡᠭᠯᠡᠭᠰᠡᠨ ᠨᠦᠬᠦᠪᠤᠷᠢ ᠰᠦᠢᠳᠭᠡᠯ‌ᠢ ᠬᠡᠷᠡᠭᠯᠡᠬᠦ ᠵᠢᠴᠢ ᠭᠡᠷ ᠪᠠᠶᠢᠰᠢᠩ‌‍ᠤᠨ ᠰᠠᠭᠤᠷᠢ ᠭᠠᠵᠠᠷ ᠬᠡᠷᠡᠭᠯᠡᠬᠦ‌ᠵᠡᠷᠭᠡ ᠲᠠᠯ᠎ᠠ‌‍ᠪᠠᠷ ᠡᠷᠡᠭᠲᠠᠶᠢᠴᠦᠳ‌‍ᠲ᠋ᠠᠢ ᠠᠳᠠᠯᠢ ᠲᠡᠭᠰᠢ ᠡᠷᠭᠡ‌‍ᠶᠢ ᠡᠳ᠋ᠯᠡᠨ᠎ᠡ᠃    ᠭᠤᠴᠢᠨ ᠭᠤᠷᠪᠠᠳᠤᠭᠠᠷ ᠵᠦᠢᠯ᠂ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠤᠷᠤᠭᠯᠠᠭᠠᠳᠦᠢ᠂ ᠤᠷᠤᠭᠯᠠᠭᠰᠠᠨ᠂ ᠤᠷᠤᠭ ᠰᠠᠯᠤᠭᠰᠠᠨ᠂ ᠬᠤᠯᠪᠤᠰᠦ ᠪᠠᠨ ᠠᠯᠳᠠᠭᠰᠠᠨ ᠵᠡᠷᠭᠡ ᠪᠠᠷ ᠰᠢᠯᠳᠠᠭ ᠪᠤᠯᠭᠠᠨ ᠡᠮᠡᠭᠲᠠᠶᠢᠴᠦᠳ ᠤᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠠᠬᠢ ᠡᠯ᠎ᠡ ᠵᠦᠢᠯ ᠤᠨ ᠡᠷᠭᠡ ᠠᠰᠢᠭ ᠢ ᠬᠤᠬᠢᠷᠠᠭᠤᠯᠵᠦ ᠪᠤᠯᠬᠤ ᠦᠭᠡᠢ᠃ ᠤᠷᠤᠭᠯᠠᠭᠰᠠᠨ ᠠᠴᠠ ᠪᠤᠯᠵᠦ ᠡᠷᠡᠭᠲᠠᠢ ᠶᠢᠨ ᠲᠠᠯ᠎ᠠ ᠨᠢ ᠡᠮᠡᠭᠲᠠᠢ ᠶᠢᠨ ᠲᠠᠯ᠎ᠠ ᠶᠢᠨ ᠰᠠᠭᠤᠭ᠎ᠠ ᠭᠠᠵᠠᠷ ᠲᠤ ᠡᠷᠦᠭᠡ ᠠᠮᠠ ᠪᠠᠨ ᠤᠷᠤᠭᠤᠯᠪᠠᠯ᠂ ᠡᠷᠡᠭᠲᠠᠢ ᠶᠢᠨ ᠲᠠᠯ᠎ᠠ ᠪᠤᠯᠤᠨ ᠦᠷ᠎ᠡ ᠭᠡᠤᠭᠡᠳ ᠨᠢ ᠰᠠᠭᠤᠭ᠎ᠠ ᠭᠠᠵᠠᠷ ᠤᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠲᠠᠢ ᠠᠳᠠᠯᠢ ᠲᠡᠭᠰᠢ ᠡᠷᠭᠡ ᠠᠰᠢᠭ ᠢ ᠡᠳ᠋ᠯᠡᠨ᠎ᠡ᠃    ᠭᠤᠴᠢᠨ ᠳᠦᠷᠪᠡᠳᠦᠭᠡᠷ ᠵᠦᠢᠯ᠂ ᠡᠮᠡᠭᠲᠠᠶᠢᠴᠦᠳ ᠤᠨ ᠡᠷᠡᠭᠲᠠᠶᠢᠴᠦᠳ ᠲᠠᠢ ᠠᠳᠠᠯᠢ ᠲᠡᠭᠰᠢ ᠪᠠᠷ ᠡᠳ᠋ᠯᠡᠬᠦ ᠡᠳ᠋ ᠬᠦᠷᠦᠩᠭᠡ ᠵᠠᠯᠭᠠᠮᠵᠢᠯᠠᠬᠤ ᠡᠷᠭᠡ ᠶᠢ ᠬᠠᠤᠯᠢ ᠪᠠᠷ ᠬᠠᠮᠠᠭᠠᠯᠠᠨ᠎ᠠ᠃ ᠬᠠᠤᠯᠢ ᠳᠤ ᠲᠤᠭᠳᠠᠭᠠᠭᠰᠠᠨ ᠠᠳᠠᠯᠢ ᠲᠡᠰ ᠲᠠᠷᠠᠭᠠᠯᠠᠯ ᠲᠠᠢ ᠵᠠᠯᠭᠠᠮᠵᠢᠯᠠᠬᠤ ᠬᠦᠮᠦᠨ ᠤ ᠲᠤᠳᠤᠷ᠎ᠡ᠂ ᠡᠮᠡᠭᠲᠠᠶᠢᠴᠦᠳ ᠢ ᠭᠠᠳᠠᠭᠤᠷᠴᠢᠯᠠᠵᠦ ᠪᠤᠯᠬᠤ ᠦᠭᠡᠢ᠃ ᠬᠤᠯᠪᠤᠰᠤ ᠪᠠᠨ ᠠᠯᠳᠠᠭᠰᠠᠨ ᠡᠮᠡᠭᠲᠠᠢ ᠵᠠᠯᠭᠠᠮᠵᠢᠯᠠᠭᠰᠠᠨ ᠡᠳ᠋ ᠬᠦᠷᠦᠩᠭᠡ ᠪᠠᠨ ᠰᠢᠢᠳᠪᠤᠷᠢᠯᠡᠬᠦ ᠡᠷᠭᠡ ᠲᠠᠢ᠂ ᠶᠠᠮᠠᠷᠴᠦ ᠬᠦᠮᠦᠨ ᠭᠠᠷ ᠲᠦᠷᠦᠵᠦ ᠪᠤᠯᠬᠤ ᠦᠭᠡᠢ᠃    ᠭᠤᠴᠢᠨ ᠲᠠᠪᠤᠳᠤᠭᠠᠷ ᠵᠦᠢᠯ᠂ ᠬᠤᠯᠪᠤᠰᠤ ᠪᠠᠨ ᠠᠯᠳᠠᠭᠰᠠᠨ ᠡᠮᠡᠭᠲᠠᠢ ᠬᠠᠳᠠᠮ ᠠᠪᠤ᠂ ᠡᠵᠢ ᠪᠠᠨ ᠠᠰᠠᠷᠠᠨ ᠲᠡᠵᠢᠭᠡᠬᠦ ᠭᠤᠤᠯ ᠡᠬᠦᠷᠭᠡ ᠶᠢ ᠬᠦᠢᠴᠡᠳᠭᠡᠭᠰᠡᠨ ᠪᠠᠶᠢᠪᠠᠯ᠂ ᠬᠠᠳᠠᠮ ᠠᠪᠤ ᠡᠵᠢ ᠶᠢᠨ ᠢᠶᠠᠨ ᠨᠢᠭᠡᠳᠦᠭᠡᠷ ᠲᠡᠰ ᠲᠠᠷᠠᠭᠠᠯᠠᠯ ᠳᠠᠬᠢ ᠬᠠᠤᠯᠢ ᠳᠤ ᠲᠤᠭᠳᠠᠭᠠᠭᠰᠠᠨ ᠵᠠᠯᠭᠠᠮᠵᠢᠯᠠᠬᠤ ᠬᠦᠮᠦᠨ ᠪᠤᠯᠤᠨ᠎ᠠ᠂ ᠲᠡᠬᠦᠨ ᠤ ᠵᠠᠯᠭᠠᠮᠵᠢᠯᠠᠬᠤ ᠡᠷᠭᠡ ᠨᠢ ᠦᠷ᠎ᠡ ᠭᠡᠤᠭᠡᠳ ᠤᠨ ᠦᠶ᠎ᠡ ᠤᠷᠤᠯᠠᠨ ᠵᠠᠯᠭᠠᠮᠵᠢᠯᠠᠬᠤ ᠶᠠᠪᠤᠳᠠᠯ ᠳᠤ ᠨᠦᠯᠦᠭᠡᠯᠡᠭᠳᠡᠬᠦ ᠦᠭᠡᠢ᠃    ᠵᠢᠷᠭᠤᠳᠤᠭᠠᠷ ᠪᠦᠯᠦᠭ᠂ ᠬᠦᠮᠦᠨ ᠤ ᠪᠡᠶ᠎ᠡ ᠶᠢᠨ ᠡᠷᠭᠡ    ᠭᠤᠴᠢᠨ ᠵᠢᠷᠭᠤᠳᠤᠭᠠᠷ ᠵᠦᠢᠯ᠂ ᠤᠯᠤᠰ ᠠᠴᠠ ᠡᠮᠡᠭᠲᠠᠶᠢᠴᠦᠳ ᠤᠨ ᠡᠷᠡᠭᠲᠠᠶᠢᠴᠦᠳ ᠲᠠᠢ ᠠᠳᠠᠯᠢ ᠲᠡᠭᠰᠢ ᠪᠠᠷ ᠬᠦᠮᠦᠨ ᠤ ᠪᠡᠶ᠎ᠡ ᠶᠢᠨ ᠡᠷᠭᠡ ᠡᠳ᠋ᠯᠡᠬᠦ ᠶᠢ ᠪᠠᠳᠤᠯᠠᠨ᠎ᠠ᠃    ᠭᠤᠴᠢᠨ ᠲᠤᠯᠤᠳᠤᠭᠠᠷ ᠵᠦᠢᠯ᠂ ᠡᠮᠡᠭᠲᠠᠶᠢᠴᠦᠳ ᠤᠨ ᠪᠡᠶ᠎ᠡ ᠶᠢᠨ ᠡᠷᠭᠡ ᠴᠢᠯᠦᠭᠡ ᠳᠤ ᠬᠠᠯᠳᠠᠵᠦ ᠪᠤᠯᠬᠤ ᠦᠭᠡᠢ᠃ ᠬᠠᠤᠯᠢ ᠪᠤᠰᠤ ᠪᠠᠷ ᠬᠤᠷᠢᠬᠤ ᠪᠠ ᠪᠤᠰᠤᠳ ᠬᠠᠤᠯᠢ ᠪᠤᠰᠤ ᠠᠷᠭ᠎ᠠ ᠪᠠᠷᠢᠯ ᠢᠶᠠᠷ ᠡᠮᠡᠭᠲᠠᠶᠢᠴᠦᠳ ᠤᠨ ᠪᠡᠶ᠎ᠡ ᠶᠢᠨ ᠡᠷᠭᠡ ᠴᠢᠯᠦᠭᠡ ᠶᠢ ᠬᠠᠰᠤᠬᠤ ᠪᠤᠶᠤ ᠬᠢᠵᠠᠭᠠᠷᠯᠠᠬᠤ ᠶᠢ ᠴᠠᠭᠠᠵᠠᠯᠠᠨ᠎ᠠ᠃ ᠡᠮᠡᠭᠲᠠᠶᠢᠴᠦᠳ ᠤᠨ ᠪᠡᠶ᠎ᠡ ᠶᠢ ᠬᠠᠤᠯᠢ ᠪᠤᠰᠤ ᠪᠠᠷ ᠨᠡᠩᠵᠢᠬᠦ ᠶᠢ ᠴᠠᠭᠠᠵᠠᠯᠠᠨ᠎ᠠ᠃    ᠭᠤᠴᠢᠨ ᠨᠠᠢᠮᠠᠳᠤᠭᠠᠷ ᠵᠦᠢᠯ᠂ ᠡᠮᠡᠭᠲᠠᠶᠢᠴᠦᠳ ᠤᠨ ᠠᠮᠢ ᠨᠠᠰᠤ ᠡᠷᠡᠬᠦᠯ ᠮᠠᠨᠳᠦ ᠶᠢᠨ ᠡᠷᠭᠡ ᠳᠤ ᠬᠠᠯᠳᠠᠵᠦ ᠪᠤᠯᠬᠤ ᠦᠭᠡᠢ᠃ ᠨᠢᠯᠬ᠎ᠠ ᠦᠬᠢᠨ ᠢ ᠴᠠᠴᠠᠭᠠᠬᠤ᠂ ᠬᠠᠶᠠᠬᠤ᠂ ᠬᠤᠤᠷᠯᠠᠨ ᠬᠦᠨᠦᠭᠡᠬᠦ ᠶᠢ ᠴᠠᠭᠠᠵᠠᠯᠠᠨ᠎ᠠ᠃ ᠦᠬᠢᠨ ᠲᠦᠷᠦᠭᠰᠡᠨ ᠡᠮᠡᠭᠲᠠᠢ ᠪᠠ ᠬᠦᠩᠭᠡᠵᠢᠬᠦ ᠦᠭᠡᠢ ᠡᠮᠡᠭᠲᠠᠢ ᠶᠢ ᠭᠠᠳᠠᠭᠤᠷᠴᠢᠯᠠᠬᠤ᠂ ᠬᠠᠯᠠ ᠦᠵᠡᠬᠦᠯᠬᠦ ᠶᠢ ᠴᠠᠭᠠᠵᠠᠯᠠᠨ᠎ᠠ᠃ ᠮᠤᠬᠤᠷ ᠰᠦᠰᠦᠭ᠂ ᠬᠦᠴᠦᠷᠭᠡᠭᠯᠡᠯ ᠵᠡᠷᠭᠡ ᠠᠷᠭ᠎ᠠ ᠪᠠᠷᠢᠯ ᠢᠶᠠᠷ ᠡᠮᠡᠭᠲᠠᠶᠢᠴᠦᠳ ᠢ ᠬᠤᠤᠷᠯᠠᠨ ᠬᠦᠨᠦᠭᠡᠬᠦ ᠶᠢ ᠴᠠᠭᠠᠵᠠᠯᠠᠨ᠎ᠠ᠃ ᠡᠪᠡᠳᠴᠢᠨ ᠲᠠᠢ ᠵᠡᠮᠳᠡᠭ ᠡᠮᠡᠭᠲᠠᠢ ᠪᠠ ᠦᠳᠡᠯᠦᠭᠰᠡᠨ ᠡᠮᠡᠭᠲᠠᠢ ᠳᠤ ᠬᠠᠯᠠ ᠦᠵᠡᠬᠦᠯᠬᠦ᠂ ᠲᠡᠳᠡᠨ ᠢ ᠭᠤᠯᠤᠵᠦ ᠤᠷᠬᠢᠬᠤ ᠶᠢ ᠴᠠᠭᠠᠵᠠᠯᠠᠨ᠎ᠠ᠃    ᠭᠤᠴᠢ ᠶᠢᠰᠦᠳᠦᠭᠡᠷ ᠵᠦᠢᠯ᠂ ᠡᠮᠡᠭᠲᠠᠶᠢᠴᠦᠳ ᠢ ᠮᠡᠭᠡᠯᠡᠨ ᠬᠤᠳᠠᠯᠳᠤᠬᠤ᠂ ᠤᠤᠯᠭᠠᠯᠠᠬᠤ ᠶᠢ ᠴᠠᠭᠠᠵᠠᠯᠠᠨ᠎ᠠ᠃ ᠮᠡᠭᠡᠯᠡᠭᠳᠡᠨ ᠬᠤᠳᠠᠯᠳᠤᠭᠳᠠᠭᠰᠠᠨ᠂ ᠤᠤᠯᠭᠠᠯᠠᠭᠳᠠᠭᠰᠠᠨ ᠡᠮᠡᠭᠲᠠᠢ ᠶᠢ ᠬᠤᠳᠠᠯᠳᠤᠨ ᠠᠪᠬᠤ ᠶᠢ ᠴᠠᠭᠠᠵᠠᠯᠠᠨ᠎ᠠ᠃ ᠮᠡᠭᠡᠯᠡᠭᠳᠡᠨ ᠬᠤᠳᠠᠯᠳᠤᠭᠳᠠᠭᠰᠠᠨ᠂ ᠤᠤᠯᠭᠠᠯᠠᠭᠳᠠᠭᠰᠠᠨ ᠡᠮᠡᠭᠲᠠᠢ ᠶᠢ ᠠᠪᠤᠷᠠᠨ ᠭᠠᠷᠭᠠᠬᠤ ᠶᠢ ᠬᠠᠷᠰᠢᠯᠠᠬᠤ ᠶᠢ ᠴᠠᠭᠠᠵᠠᠯᠠᠨ᠎ᠠ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠯᠤᠨ ᠲᠤᠳᠤᠭᠠᠳᠦ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠦᠳᠡᠯᠮᠤᠷᠢ ᠪᠠ ᠨᠡᠶᠢᠭᠡᠮ ᠤᠨ ᠪᠠᠳᠤᠯᠠᠭ᠎ᠠ᠂ ᠡᠷᠡᠬᠦᠯ ᠬᠠᠮᠠᠭᠠᠯᠠᠯ ᠵᠡᠷᠭᠡ ᠰᠠᠯᠠᠭ᠎ᠠ ᠮᠦᠴᠢᠷ ᠤᠳ ᠲᠤᠰᠢᠶᠠᠯ ᠬᠠᠷᠢᠭᠤᠴᠠᠯᠭ᠎ᠠ ᠶᠢᠨ ᠢᠶᠠᠨ ᠶᠤᠰᠤᠭᠠᠷ ᠴᠠᠭ ᠲᠤᠬᠠᠢ ᠳᠤᠨᠢ ᠠᠷᠭ᠎ᠠ ᠭᠡᠮᠵᠢᠶ᠎ᠡ ᠠᠪᠴᠦ ᠪᠠᠶᠢᠭᠠᠳ ᠮᠡᠭᠡᠯᠡᠭᠳᠡᠨ ᠬᠤᠳᠠᠯᠳᠤᠭᠳᠠᠭᠰᠠᠨ᠂ ᠤᠤᠯᠭᠠᠯᠠᠭᠳᠠᠭᠰᠠᠨ ᠡᠮᠡᠭᠲᠠᠢ ᠶᠢ ᠠᠪᠤᠷᠠᠨ ᠭᠠᠷᠭᠠᠵᠦ᠂ ᠲᠦᠪᠬᠢᠨᠡᠬᠦᠯᠬᠦ ᠠᠵᠢᠯ ᠢ ᠰᠠᠶᠢᠳᠦᠷ ᠬᠢᠬᠦ ᠬᠡᠷᠡᠭᠲᠠᠢ᠂ ᠡᠮᠡᠭᠲᠠᠶᠢᠴᠦᠳ ᠤᠨ ᠬᠤᠯᠪᠤᠭᠠᠳᠦ ᠬᠤᠷᠠᠯ ᠨᠢ ᠬᠠᠮᠵᠢᠯᠴᠠᠨ ᠬᠠᠪᠰᠤᠷᠤᠯᠴᠠᠵᠦ ᠪᠠᠶᠢᠭᠠᠳ ᠬᠤᠯᠪᠤᠭᠳᠠᠯ ᠪᠦᠬᠦᠢ ᠠᠵᠢᠯ ᠢ ᠰᠠᠶᠢᠳᠦᠷ ᠬᠢᠬᠦ ᠬᠡᠷᠡᠭᠲᠠᠢ᠃ ᠶᠠᠮᠠᠷᠪᠠ ᠬᠦᠮᠦᠨ ᠮᠡᠭᠡᠯᠡᠭᠳᠡᠨ ᠬᠤᠳᠠᠯᠳᠤᠭᠳᠠᠭᠰᠠᠨ᠂ ᠤᠤᠯᠭᠠᠯᠠᠭᠳᠠᠭᠰᠠᠨ ᠡᠮᠡᠭᠲᠠᠢ ᠶᠢ ᠭᠠᠳᠠᠭᠤᠷᠴᠢᠯᠠᠵᠦ ᠪᠤᠯᠬᠤ ᠦᠭᠡᠢ᠃    ᠳᠦᠴᠢᠳᠦᠭᠡᠷ ᠵᠦᠢᠯ᠂ ᠡᠮᠡᠭᠲᠠᠶᠢᠴᠦᠳ ᠲᠤ ᠪᠡᠯᠭᠡ ᠶᠢᠨ ᠬᠠᠯᠳᠠᠯᠭ᠎ᠠ ᠬᠢᠬᠦ ᠶᠢ ᠴᠠᠭᠠᠵᠠᠯᠠᠨ᠎ᠠ᠃ ᠬᠤᠤᠷ ᠬᠦᠨᠦᠭᠡᠯ ᠠᠮᠰᠠᠭᠰᠠᠨ ᠡᠮᠡᠭᠲᠠᠢ ᠨᠢ ᠪᠠᠶᠢᠭᠤᠯᠭ᠎ᠠ ᠨᠢᠭᠡᠴᠡ ᠪᠤᠯᠤᠨ ᠬᠤᠯᠪᠤᠭᠳᠠᠯ ᠪᠦᠬᠦᠢ ᠪᠠᠶᠢᠭᠤᠯᠭ᠎ᠠ ᠳᠤ ᠵᠠᠭᠠᠯᠳᠤᠬᠤ ᠡᠷᠭᠡ  ᠲᠠᠢ᠃    ᠲᠦᠴᠢᠨ ᠨᠢᠭᠡᠳᠦᠭᠡᠷ ᠵᠦᠢᠯ᠂ ᠶᠠᠩᠬᠠᠯᠠᠬᠤ᠂ ᠶᠠᠩᠬᠠᠨ ᠳᠤ ᠤᠷᠤᠬᠤ ᠶᠢ ᠴᠠᠭᠠᠵᠠᠯᠠᠨ᠎ᠠ᠃ ᠡᠮᠡᠭᠳᠡᠶᠢᠴᠤᠳ ᠢ ᠵᠤᠬᠢᠶᠠᠨ ᠪᠠᠶᠢᠭᠤᠯᠵᠤ᠂ ᠠᠯᠪᠠᠳᠠᠵᠤ᠂ ᠦᠳᠦᠬᠡᠨ ᠲᠠᠲᠠᠵᠤ᠂ ᠠᠪᠴᠤ ᠰᠠᠭᠤᠵᠤ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠬᠤ ᠪᠤᠶᠤ ᠡᠮᠡᠭᠳᠡᠶᠢᠴᠤᠳ ᠲᠤ ᠰᠠᠳᠤᠷ ᠵᠠᠪᠬᠠᠢ ᠠᠵᠢᠯᠯᠠᠭ᠎ᠠ ᠬᠢᠬᠦ ᠶᠢ ᠴᠠᠭᠠᠵᠠᠯᠠᠨ᠎ᠠ᠃ ᠡᠮᠡᠭᠳᠡᠶᠢᠴᠤᠳ ᠢ ᠵᠤᠬᠢᠶᠠᠨ ᠪᠠᠶᠢᠭᠤᠯᠵᠤ᠂ ᠠᠯᠪᠠᠳᠠᠵᠤ᠂ ᠦᠳᠦᠬᠡᠨ ᠳᠠᠳᠠᠵᠤ ᠪᠠᠶᠢᠭᠠᠳ ᠱᠠᠯᠢᠭ ᠵᠠᠪᠬᠠᠢ ᠳᠤᠭᠯᠠᠯᠲᠠ ᠶᠢᠨ ᠠᠵᠢᠯᠯᠠᠭ᠎ᠠ ᠬᠢᠯᠬᠡᠬᠦ ᠶᠢ ᠴᠠᠭᠠᠵᠠᠯᠠᠨ᠎ᠠ᠃    ᠲᠦᠴᠢᠨ ᠬᠤᠶᠠᠳᠤᠭᠠᠷ ᠵᠦᠢᠯ ᠡᠮᠡᠭᠳᠡᠶᠢᠴᠤᠳ ᠤᠨ ᠨᠡᠷ᠎ᠡ ᠳᠦᠷᠦ ᠶᠢᠨ ᠡᠷᠬᠡ᠂ ᠨᠡᠷ᠎ᠡ ᠠᠯᠳᠠᠷ ᠤᠨ ᠡᠷᠬᠡ᠂ ᠬᠤᠪᠢ ᠶᠢᠨ ᠨᠢᠭᠤᠴᠠ ᠶᠢᠨ ᠡᠷᠬᠡ᠂ ᠬᠦᠷᠦᠭ ᠵᠢᠷᠤᠭ ᠤᠨ ᠡᠷᠬᠡ ᠵᠡᠷᠬᠡ ᠬᠦᠮᠦᠨ ᠤ ᠨᠡᠷ᠎ᠡ ᠬᠦᠨᠳᠣ ᠶᠢᠨ ᠡᠷᠬᠡ ᠶᠢ ᠬᠠᠤᠯᠢ ᠪᠠᠷ ᠬᠠᠮᠠᠭᠠᠯᠠᠨ᠎ᠠ᠃ ᠳᠤᠷᠤᠮᠵᠢᠯᠠᠬᠤ᠂ ᠬᠦᠳᠬᠡᠬᠦ ᠵᠡᠷᠬᠡ ᠠᠷᠭ᠎ᠠ ᠪᠠᠷ ᠡᠮᠡᠭᠳᠡᠶᠢᠴᠤᠳ ᠤᠨ ᠬᠦᠮᠦᠨ ᠤ ᠨᠡᠷ᠎ᠡ ᠬᠦᠨᠳᠦ ᠶᠢ ᠭᠤᠳᠤᠭᠠᠬᠤ ᠶᠢ ᠴᠠᠭᠠᠵᠠᠯᠠᠨ᠎ᠠ᠃ ᠤᠯᠠᠨ ᠨᠡᠶᠢᠳᠡ ᠶᠢᠨ ᠵᠠᠭᠤᠴᠢᠯᠠᠭᠤᠷ ᠪᠤᠶᠤ ᠪᠤᠰᠤᠳ ᠬᠡᠯᠪᠡᠷᠢ ᠪᠠᠷ ᠳᠠᠮᠵᠢᠭᠤᠯᠤᠨ ᠡᠮᠡᠭᠳᠡᠶᠢᠴᠤᠳ ᠤᠨ ᠨᠡᠷ᠎ᠡ ᠬᠦᠨᠳᠤ ᠶᠢ ᠳᠤᠤᠷᠠᠰᠢᠶᠠᠨ ᠭᠤᠳᠤᠭᠠᠬᠤ ᠶᠢ ᠴᠠᠭᠠᠵᠠᠯᠠᠨ᠎ᠠ᠃ ᠳᠤᠰ ᠬᠦᠮᠦᠨ ᠤ ᠬᠢᠨᠢ ᠵᠦᠪᠰᠢᠶᠡᠷᠡᠯ ᠦᠬᠡᠢ ᠪᠠᠷ ᠠᠰᠢᠭ ᠤᠯᠬᠤ ᠵᠤᠷᠢᠯᠭ᠎ᠠ ᠪᠠᠷ ᠵᠠᠷ᠂ ᠪᠠᠷᠠᠭᠠᠨ ᠤ ᠳᠡᠮᠳᠡᠭ᠂ ᠦᠵᠡᠬᠦᠯᠦᠯᠬᠡ ᠶᠢᠨ ᠬᠡᠬᠡᠪᠴᠢ᠂ ᠰᠣᠨᠢᠨ᠂ ᠰᠡᠳᠬᠦᠯ᠂ ᠨᠤᠮ᠂ ᠳᠦᠷᠰᠣ ᠰᠢᠩᠬᠡᠬᠡᠯᠳᠡ ᠶᠢᠨ ᠦᠢᠯᠡᠳᠬᠦᠨ᠂ ᠡᠯᠧᠺᠲᠷᠤᠨ ᠬᠡᠪᠯᠡᠭᠳᠡᠬᠦᠨ᠂ ᠳᠤᠤᠷ ᠰᠦᠯᠵᠢᠶ᠎ᠡ ᠵᠡᠷᠬᠡ ᠬᠡᠯᠪᠡᠷᠢ ᠪᠠᠷ ᠳᠠᠮᠵᠢᠭᠤᠯᠤᠨ ᠡᠮᠡᠭᠳᠡᠶᠢᠴᠣᠳ ᠤᠨ ᠬᠦᠷᠦᠭ ᠢ ᠬᠡᠷᠡᠭᠯᠡᠵᠤ ᠪᠤᠯᠬᠤ ᠦᠬᠡᠢ᠃    ᠲᠤᠯᠤᠳᠤᠭᠠᠷ ᠪᠦᠯᠦᠭ᠂ ᠤᠷᠤᠭ ᠭᠡᠷ ᠪᠦᠯᠢ ᠶᠢᠨ ᠡᠷᠭᠡ ᠠᠰᠢᠭ    ᠲᠦᠴᠢᠨ ᠭᠤᠷᠪᠠᠳᠤᠭᠠᠷ ᠵᠦᠢᠯ᠂ ᠤᠯᠤᠰ ᠠᠴᠠ ᠡᠮᠡᠭᠲᠠᠶᠢᠴᠦᠳ ᠤᠨ ᠡᠷᠡᠭᠲᠠᠶᠢᠴᠦᠳ ᠲᠠᠢ ᠠᠳᠠᠯᠢ ᠲᠡᠭᠰᠢ ᠪᠠᠷ ᠤᠷᠤᠭ ᠭᠡᠷ ᠪᠦᠯᠢ ᠶᠢᠨ ᠡᠷᠭᠡ ᠡᠳ᠋ᠯᠡᠬᠦ ᠶᠢ ᠪᠠᠳᠤᠯᠠᠨ᠎ᠠ᠃    ᠲᠦᠴᠢᠨ ᠲᠦᠷᠪᠡᠳᠦᠭᠡᠷ ᠵᠦᠢᠯ᠂ ᠤᠯᠤᠰ ᠠᠴᠠ ᠡᠮᠡᠭᠲᠠᠶᠢᠴᠦᠳ ᠤᠨ ᠤᠷᠤᠭ ᠤᠨ ᠡᠵᠡᠨ ᠮᠡᠳᠡᠬᠦ ᠡᠷᠭᠡ ᠶᠢ ᠬᠠᠮᠠᠭᠠᠯᠠᠨ᠎ᠠ᠃ ᠡᠮᠡᠭᠲᠠᠶᠢᠴᠦᠳ ᠤᠨ ᠤᠷᠤᠭᠯᠠᠬᠤ᠂ ᠤᠷᠤᠭ ᠰᠠᠯᠬᠤ ᠡᠷᠭᠡ ᠴᠢᠯᠦᠭᠡ ᠳᠤ ᠬᠠᠯᠳᠠᠬᠤ ᠶᠢ ᠴᠠᠭᠠᠵᠠᠯᠠᠨ᠎ᠠ᠃    ᠲᠦᠴᠢᠨ ᠲᠠᠪᠤᠳᠤᠭᠠᠷ ᠵᠦᠢᠯ᠂ ᠡᠮᠡᠭᠲᠠᠢ ᠶᠢᠨ ᠲᠠᠯ᠎ᠠ ᠨᠢ ᠵᠢᠷᠮᠦᠰᠦᠯᠡᠭᠰᠡᠨ ᠬᠤᠭᠤᠴᠠᠭ᠎ᠠ ᠳᠤ ᠪᠠᠶᠢᠬᠤ᠂ ᠬᠦᠩᠭᠡᠵᠢᠭᠰᠡᠨ ᠤ ᠲᠠᠷᠠᠭ᠎ᠠ ᠨᠢᠭᠡ ᠵᠢᠯ ᠤᠨ ᠲᠤᠳᠤᠷ᠎ᠡ ᠪᠤᠶᠤ ᠵᠢᠷᠮᠦᠰᠦᠯᠡᠬᠦ ᠪᠠᠨ ᠵᠤᠭᠰᠤᠭᠠᠭᠰᠠᠨ ᠤ ᠲᠠᠷᠠᠭ᠎ᠠ ᠵᠢᠷᠭᠤᠭᠠᠨ ᠰᠠᠷ᠎ᠡ ᠶᠢᠨ ᠲᠤᠳᠤᠷ᠎ᠡ ᠡᠷᠡᠭᠲᠠᠢ ᠶᠢᠨ ᠲᠠᠯ᠎ᠠ ᠨᠢ ᠤᠷᠤᠭ ᠰᠠᠯᠤᠨ᠎ᠠ ᠲᠤᠷᠠᠳᠴᠦ ᠪᠤᠯᠬᠤ ᠦᠭᠡᠢ᠃ ᠡᠮᠡᠭᠲᠠᠢ ᠶᠢᠨ ᠲᠠᠯ᠎ᠠ ᠨᠢ ᠤᠷᠤᠭ ᠰᠠᠯᠬᠤ ᠪᠠᠷ ᠲᠤᠷᠠᠳᠤᠭᠰᠠᠨ᠂ ᠡᠰᠡᠬᠦᠯ᠎ᠡ ᠡᠷᠡᠭᠲᠠᠢ ᠶᠢᠨ ᠲᠠᠯ᠎ᠠ ᠶᠢᠨ ᠤᠷᠤᠰ ᠰᠠᠯᠬᠤ ᠭᠤᠶᠤᠴᠢᠯᠠᠯ ᠢ ᠦᠨᠡᠭᠡᠷ ᠬᠦᠯᠢᠶᠠᠨ ᠠᠪᠴᠦ ᠰᠢᠢᠳᠪᠤᠷᠢᠯᠡᠬᠦ ᠴᠢᠬᠤᠯᠠ ᠲᠠᠢ ᠭᠡᠵᠦ ᠠᠷᠠᠳ ᠤᠨ ᠰᠢᠬᠦᠬᠦ ᠬᠤᠷᠢᠶ᠎ᠠ ᠠᠴᠠ ᠦᠵᠡᠭᠰᠡᠨ ᠪᠠᠶᠢᠪᠠᠯ ᠡᠬᠦᠨ ᠳᠤ ᠬᠢᠵᠠᠭᠠᠷᠯᠠᠭᠳᠠᠬᠤ ᠦᠭᠡᠢ᠃    ᠳᠦᠴᠢᠨ ᠵᠢᠷᠭᠤᠳᠤᠭᠠᠷ ᠵᠦᠢᠯ᠂ ᠡᠮᠡᠭᠲᠠᠶᠢᠴᠦᠳ ᠲᠤ ᠭᠡᠷ ᠪᠦᠯᠢ ᠶᠢᠨ ᠬᠦᠴᠦᠷᠭᠡᠭᠯᠡᠯ ᠶᠠᠪᠤᠭᠤᠯᠬᠤ ᠶᠢ ᠴᠠᠭᠠᠵᠠᠯᠠᠨ᠎ᠠ᠃ ᠤᠯᠤᠰ ᠠᠴᠠ ᠠᠷᠭ᠎ᠠ ᠭᠡᠮᠵᠢᠶ᠎ᠡ ᠠᠪᠴᠦ ᠪᠠᠶᠢᠭᠠᠳ ᠭᠡᠷ ᠪᠦᠯᠢ ᠶᠢᠨ ᠬᠦᠴᠦᠷᠭᠡᠭᠯᠡᠯ ᠢ ᠰᠡᠷᠭᠡᠶᠢᠯᠡᠨ ᠬᠤᠷᠢᠭᠯᠠᠨ᠎ᠠ᠃ ᠲᠤᠳᠤᠭᠠᠳᠦ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ ᠵᠠᠰᠠᠭ ᠵᠠᠬᠢᠷᠭ᠎ᠠ ᠵᠡᠷᠭᠡ ᠰᠠᠯᠠᠭ᠎ᠠ ᠮᠦᠴᠢᠷ ᠵᠢᠴᠢ ᠬᠤᠳᠠ ᠬᠦᠳᠡᠭᠡ ᠶᠢᠨ ᠦᠨᠳᠦᠰᠦᠨ ᠱᠠᠳᠤᠨ ᠤ ᠤᠯᠠᠨ ᠲᠦᠮᠡᠨᠴᠢ ᠴᠢᠨᠠᠷᠲᠠᠢ ᠦᠪᠡᠷᠳᠡᠭᠡᠨ ᠵᠠᠰᠠᠬᠤ ᠵᠤᠬᠢᠶᠠᠨ ᠪᠠᠶᠢᠭᠤᠯᠤᠯᠳᠠ᠂ ᠨᠡᠶᠢᠭᠡᠮ ᠤᠨ ᠪᠦᠯᠬᠦᠮ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠦᠷᠢᠶ᠎ᠡ ᠭᠡᠪᠴᠢᠶᠡᠨ ᠳᠡᠭᠡᠨ ᠭᠡᠷ ᠪᠦᠯᠢ ᠶᠢᠨ ᠬᠦᠴᠦᠷᠭᠡᠭᠯᠡᠯ ᠢ ᠰᠡᠷᠭᠡᠶᠢᠯᠡᠨ ᠬᠤᠷᠢᠭᠯᠠᠵᠦ᠂ ᠬᠦᠨᠦᠭᠡᠯ ᠠᠮᠰᠠᠭᠰᠠᠨ ᠡᠮᠡᠭᠲᠠᠢ ᠳᠤ ᠬᠠᠤᠯᠢ ᠶᠤᠰᠤᠭᠠᠷ ᠲᠤᠰᠠᠯᠠᠮᠵᠢ ᠦᠵᠡᠬᠦᠯᠬᠦ ᠬᠡᠷᠡᠭᠲᠠᠢ᠃    ᠲᠦᠴᠢᠨ ᠲᠤᠯᠤᠳᠤᠭᠠᠷ ᠵᠦᠢᠯ᠂ ᠡᠮᠡᠭᠲᠠᠶᠢᠴᠦᠳ ᠬᠠᠤᠯᠢ ᠪᠠᠷ ᠲᠤᠭᠳᠠᠭᠠᠭᠰᠠᠨ ᠡᠷ᠎ᠡ ᠡᠮ᠎ᠡ ᠶᠢᠨ ᠬᠠᠮᠳᠦ ᠶᠢᠨ ᠡᠳ᠋ ᠬᠦᠷᠦᠩᠭᠡ ᠳᠡᠭᠡᠨ ᠡᠷ᠎ᠡ ᠲᠠᠢ ᠪᠠᠨ ᠠᠳᠠᠯᠢ ᠲᠡᠭᠰᠢ ᠪᠠᠷ ᠡᠵᠡᠮᠰᠢᠬᠦ᠂ ᠭᠡᠷᠡᠭᠯᠡᠬᠦ᠂ ᠠᠰᠢᠭ ᠢ ᠨᠢ ᠬᠦᠷᠳᠡᠬᠦ ᠪᠠ ᠰᠢᠢᠳᠪᠤᠷᠢᠯᠡᠬᠦ ᠡᠷᠭᠡ ᠲᠠᠢ᠂ ᠬᠤᠶᠠᠷ ᠡᠳᠡᠭᠡᠳ ᠤᠨ ᠤᠷᠤᠯᠭ᠎ᠠ ᠶᠢᠨ ᠪᠠᠶᠢᠳᠠᠯ ᠳᠤ ᠨᠦᠯᠦᠭᠡᠯᠡᠭᠳᠡᠬᠦ ᠦᠭᠡᠢ᠃ ᠤᠷᠤᠭ ᠤᠨ ᠬᠠᠷᠢᠴᠠᠭ᠎ᠠ ᠤᠷᠤᠰᠢᠨ ᠦᠷᠬᠦᠯᠵᠢᠯᠡᠬᠦ ᠬᠤᠭᠤᠴᠠᠭ᠎ᠠ ᠳᠤ ᠤᠯᠤᠭᠰᠠᠨ ᠡᠳ᠋ ᠬᠦᠷᠦᠩᠭᠡ ᠬᠤᠪᠢ ᠬᠤᠪᠢᠨ  ᠳᠤᠨᠢ ᠬᠠᠷᠢᠶᠠᠯᠠᠭᠳᠠᠨ᠎ᠠ ᠭᠡᠵᠦ ᠡᠷ᠎ᠡ ᠡᠮ᠎ᠡ ᠬᠤᠶᠠᠭᠤᠯᠠ ᠪᠢᠴᠢᠭ ᠢᠶᠠᠷ ᠪᠤᠯᠵᠤᠨ ᠲᠤᠭᠳᠠᠭᠰᠠᠨ ᠪᠠᠶᠢᠵᠦ᠂ ᠡᠮᠡᠭᠲᠠᠢ ᠶᠢᠨ ᠲᠠᠯ᠎ᠠ ᠨᠢ ᠦᠷ᠎ᠡ ᠭᠡᠤᠭᠡᠳ ᠪᠤᠶᠢᠵᠢᠭᠤᠯᠬᠤ᠂ ᠨᠠᠰᠣᠳᠠᠨ ᠢ ᠠᠰᠠᠷᠠᠬᠤ᠂ ᠡᠷᠡᠭᠲᠠᠢ ᠶᠢᠨ ᠲᠠᠯ᠎ᠠ ᠶᠢᠨ ᠠᠵᠢᠯ ᠢ ᠬᠠᠪᠰᠤᠷᠬᠤ ᠵᠡᠷᠭᠡ ᠨᠡᠯᠢᠶᠠᠳ ᠠᠷᠪᠢᠨ ᠡᠬᠦᠷᠭᠡ ᠶᠢ ᠡᠬᠦᠷᠭᠡᠯᠡᠭᠰᠡᠨ ᠪᠠᠶᠢᠪᠠᠯ᠂ ᠤᠷᠤᠭ ᠰᠠᠯᠬᠤ ᠦᠶ᠎ᠡ ᠳᠤ ᠡᠷᠡᠭᠲᠠᠢ ᠶᠢᠨ ᠲᠠᠯ᠎ᠠ ᠶᠢ ᠱᠠᠭᠠᠷᠳᠠᠵᠦ ᠨᠦᠬᠦᠪᠤᠷᠢ ᠦᠭᠬᠦᠬᠦᠯᠬᠦ ᠡᠷᠭᠡ ᠲᠠᠢ᠃    ᠲᠦᠴᠢᠨ ᠨᠠᠢᠮᠠᠳᠤᠭᠠᠷ ᠵᠦᠢᠯ᠂ ᠡᠷ᠎ᠡ ᠡᠮ᠎ᠡ ᠬᠤᠶᠠᠭᠤᠯᠠ ᠶᠢᠨ ᠬᠠᠮᠳᠦ ᠪᠠᠷ ᠦᠮᠴᠢᠯᠡᠵᠦ ᠪᠠᠶᠢᠭ᠎ᠠ ᠭᠡᠷ ᠪᠠᠶᠢᠰᠢᠩ ᠢ ᠰᠢᠢᠳᠪᠤᠷᠢᠯᠡᠬᠦ ᠳᠤ᠂ ᠤᠷᠤᠭ ᠰᠠᠯᠬᠤ ᠦᠶ᠎ᠡ ᠳᠤ ᠤᠷᠤᠨ ᠰᠠᠭᠤᠴᠠ ᠪᠠᠨ ᠬᠤᠪᠢᠶᠠᠬᠤ ᠶᠢ ᠬᠤᠶᠠᠷ ᠡᠳᠡᠭᠡᠳ ᠢᠶᠠᠷ ᠢᠶᠠᠨ ᠵᠦᠪᠳᠡᠯᠴᠡᠨ ᠰᠢᠢᠳᠪᠤᠷᠢᠯᠡᠨ᠎ᠡ᠃ ᠵᠦᠪᠳᠡᠯᠴᠡᠭᠡᠳ ᠰᠢᠢᠳᠪᠤᠷᠢᠯᠡᠵᠦ ᠲᠡᠶᠢᠯᠬᠦ ᠦᠭᠡᠢ ᠪᠤᠯ ᠠᠷᠠᠳ ᠤᠨ ᠰᠢᠬᠦᠬᠦ ᠬᠤᠷᠢᠶᠠᠨ ᠠᠴᠠ ᠬᠤᠶᠠᠷ ᠲᠠᠯ᠎ᠠ ᠶᠢᠨ ᠪᠤᠳᠠᠳᠦ ᠪᠠᠶᠢᠳᠠᠯ ᠢ ᠦᠨᠳᠦᠰᠦᠯᠡᠨ ᠦᠷ᠎ᠡ ᠭᠡᠤᠭᠡᠳ ᠪᠤᠯᠤᠨ ᠡᠮᠡᠭᠲᠠᠢ ᠶᠢᠨ ᠲᠠᠯ᠎ᠠ ᠶᠢᠨ ᠡᠷᠭᠡ ᠠᠰᠢᠭ ᠢ ᠬᠠᠷᠠᠭᠠᠯᠵᠠᠬᠤ ᠵᠠᠷᠴᠢᠮ ᠢᠶᠠᠷ ᠲᠠᠰᠤᠯᠤᠨ᠎ᠠ᠃ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠦᠭᠡᠷ᠎ᠡ ᠪᠤᠯᠵᠤᠯ ᠲᠠᠢ ᠪᠠᠶᠢᠪᠠᠯ ᠡᠬᠦᠨ ᠳᠤ ᠪᠠᠭᠳᠠᠬᠤ ᠦᠭᠡᠢ᠃ ᠡᠷ᠎ᠡ ᠡᠮ᠎ᠡ ᠬᠤᠶᠠᠭᠤᠯᠠ ᠬᠠᠮᠳᠦ  ᠪᠠᠷ ᠢᠶᠠᠨ ᠲᠦᠷᠢᠶᠡᠰᠦᠯᠡᠵᠦ ᠪᠠᠶᠢᠭᠰᠠᠨ ᠤᠷᠤᠨ ᠰᠠᠭᠤᠴᠠ ᠶᠢ ᠰᠢᠢᠳᠪᠤᠷᠢᠯᠡᠬᠦ ᠳᠤ᠂ ᠤᠷᠤᠭ ᠰᠠᠯᠬᠤ ᠦᠶ᠎ᠡ ᠳᠤ ᠡᠮᠡᠭᠲᠠᠢ ᠲᠠᠯ᠎ᠠ ᠶᠢᠨ ᠰᠠᠭᠤᠬᠤ ᠭᠡᠷ ᠢ ᠦᠷ᠎ᠡ ᠭᠡᠤᠭᠡᠳ ᠪᠤᠯᠤᠨ ᠡᠮᠡᠭᠲᠠᠢ ᠲᠠᠯ᠎ᠠ ᠶᠢᠨ ᠡᠷᠭᠡ ᠠᠰᠢᠭ ᠢ ᠬᠠᠷᠠᠭᠠᠯᠵᠠᠬᠤ ᠵᠠᠷᠴᠢᠮ ᠢᠶᠠᠷ ᠰᠢᠢᠳᠪᠤᠷᠢᠯᠡᠬᠦ ᠬᠡᠷᠡᠭᠲᠠᠢ᠃    ᠲᠦᠴᠢ ᠶᠢᠰᠦᠳᠦᠭᠡᠷ ᠵᠦᠢᠯ᠂ ᠡᠴᠢᠭᠡ ᠡᠭᠡ ᠬᠤᠶᠠᠷ ᠲᠠᠯ᠎ᠠ ᠨᠢ ᠴᠦᠮ ᠨᠠᠰᠤᠨ ᠳᠤ ᠬᠦᠷᠦᠭᠡᠳᠦᠢ ᠦᠷ᠎ᠡ ᠭᠡᠤᠭᠡᠳ ᠢᠶᠠᠨ ᠠᠰᠠᠷᠠᠨ ᠬᠠᠮᠠᠭᠠᠯᠠᠬᠤ ᠠᠳᠠᠯᠢ ᠲᠡᠭᠰᠢ ᠡᠷᠭᠡ ᠲᠠᠢ᠃ ᠡᠴᠢᠭᠡ ᠨᠢ ᠦᠬᠦᠭᠰᠡᠨ᠂ ᠠᠵᠢᠯᠯᠠᠭᠠᠨ ᠤ ᠴᠢᠳᠠᠪᠤᠷᠢ ᠪᠠᠨ ᠠᠯᠳᠠᠭᠰᠠᠨ ᠪᠤᠶᠤ ᠪᠤᠰᠤᠳ ᠪᠠᠶᠢᠳᠠᠯ ᠠᠴᠠ ᠪᠤᠯᠵᠦ ᠨᠠᠰᠤᠨ ᠳᠤ ᠬᠦᠷᠦᠭᠡᠳᠦᠢ ᠦᠷ᠎ᠡ ᠭᠡᠤᠭᠡᠳ ᠢᠶᠠᠨ ᠠᠰᠠᠷᠠᠨ ᠬᠠᠮᠠᠭᠠᠯᠠᠬᠤ ᠡᠬᠦᠷᠭᠡ ᠪᠠᠨ ᠬᠦᠢᠴᠡᠳᠭᠡᠵᠦ ᠲᠡᠶᠢᠯᠬᠦ ᠦᠭᠡᠢ ᠪᠤᠯᠤᠭᠰᠠᠨ ᠪᠠᠶᠢᠪᠠᠯ᠂ ᠡᠭᠡ ᠶᠢᠨ ᠬᠢᠨᠢ ᠠᠰᠠᠷᠠᠨ ᠬᠠᠮᠠᠭᠠᠯᠠᠬᠤ ᠡᠷᠭᠡ ᠳᠤ ᠭᠡᠨ ᠴᠦ ᠬᠠᠯᠳᠠᠵᠦ ᠪᠤᠯᠬᠤ ᠦᠭᠡᠢ᠃    ᠲᠠᠪᠢᠳᠤᠭᠠᠷ ᠵᠦᠢᠯ᠂ ᠤᠷᠤᠭ ᠰᠠᠯᠬᠤ ᠦᠶ᠎ᠡ ᠳᠤ᠂ ᠡᠮᠡᠭᠲᠠᠢ ᠲᠠᠯ᠎ᠠ ᠨᠢ ᠵᠢᠷᠮᠦᠰᠦᠯᠡᠬᠦ ᠪᠠᠨ ᠵᠤᠭᠰᠤᠭᠠᠬᠤ ᠮᠠᠰᠡ ᠵᠠᠰᠠᠯ ᠬᠢᠭᠰᠡᠨ ᠪᠤᠶᠤ ᠪᠤᠰᠤᠳ ᠰᠢᠯᠳᠠᠭᠠᠨ ᠠᠴᠠ ᠪᠤᠯᠵᠦ ᠭᠡᠤᠭᠡᠳ ᠠᠪᠬᠤ ᠴᠢᠳᠠᠪᠤᠷᠢ ᠪᠠᠨ ᠠᠯᠳᠠᠭᠰᠠᠨ ᠪᠠᠶᠢᠪᠠᠯ᠂ ᠦᠷ᠎ᠡ ᠭᠡᠤᠭᠡᠳ ᠢᠶᠠᠨ ᠠᠰᠠᠷᠠᠨ ᠲᠡᠵᠢᠭᠡᠬᠦ ᠠᠰᠠᠭᠤᠳᠠᠯ ᠢ ᠰᠢᠢᠳᠪᠤᠷᠢᠯᠡᠬᠦ ᠳᠡᠭᠡᠨ ᠦᠷ᠎ᠡ ᠭᠡᠤᠭᠡᠳ ᠤᠨ ᠡᠷᠭᠡ ᠠᠰᠢᠭ ᠲᠤ ᠠᠰᠢᠭ ᠲᠠᠢ ᠪᠠᠶᠢᠬᠤ ᠨᠦᠬᠦᠴᠡᠯ ᠲᠤᠤᠷ᠎ᠡ᠂ ᠡᠮᠡᠭᠲᠠᠢ ᠲᠠᠯ᠎ᠠ ᠶᠢᠨ ᠵᠦᠢ ᠶᠤᠰᠤᠨ ᠤ ᠱᠠᠭᠠᠷᠳᠠᠯᠭ᠎ᠠ ᠶᠢ ᠬᠠᠷᠠᠭᠠᠯᠵᠠᠬᠤ ᠬᠡᠷᠡᠭᠲᠠᠢ᠃    ᠲᠠᠪᠢᠨ ᠨᠢᠭᠡᠳᠦᠭᠡᠷ ᠵᠦᠢᠯ᠂ ᠡᠮᠡᠭᠲᠠᠶᠢᠴᠦᠳ ᠲᠤ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠦᠷ᠎ᠡ ᠭᠡᠤᠭᠡᠳ ᠠᠪᠬᠤ ᠡᠷᠭᠡ ᠲᠠᠢ᠂ ᠪᠠᠰᠠ ᠬᠡᠤᠭᠡᠳ ᠠᠪᠬᠤ ᠦᠭᠡᠢ ᠪᠠᠶᠢᠬᠤ ᠡᠷᠭᠡ ᠴᠢᠯᠦᠭᠡ ᠲᠠᠢ᠃ ᠭᠡᠤᠭᠡᠳ ᠠᠪᠬᠤ ᠨᠠᠰᠤᠨ ᠤ ᠡᠷ᠎ᠡ ᠡᠮ᠎ᠡ ᠬᠤᠶᠠᠷ ᠡᠳᠡᠭᠡᠳ ᠢᠶᠠᠷ ᠢᠶᠠᠨ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠦᠯᠦᠪᠯᠡᠭᠡ ᠲᠠᠢ ᠪᠠᠷ ᠭᠡᠤᠭᠡᠳ ᠠᠪᠬᠤ ᠭᠡᠪᠡᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠵᠢᠷᠮᠦᠰᠦᠯᠡᠬᠦ ᠶᠢ ᠬᠤᠷᠢᠭᠯᠠᠬᠤ ᠠᠮᠤᠷ ᠲᠦᠪᠰᠢᠨ᠂ ᠦᠷ᠎ᠡ ᠪᠦᠳᠦᠮᠵᠢ ᠲᠠᠢ ᠡᠮ ᠬᠡᠷᠡᠭᠰᠡᠯ ᠪᠤᠯᠤᠨ ᠮᠡᠷᠭᠡᠵᠢᠯ ᠬᠠᠩᠭᠠᠵᠦ ᠦᠭᠬᠦ ᠬᠡᠷᠡᠭᠲᠠᠢ ᠪᠦᠭᠡᠳ ᠭᠡᠤᠭᠡᠳ ᠠᠪᠬᠤ ᠶᠢ ᠬᠢᠵᠠᠭᠠᠷᠯᠠᠬᠤ ᠮᠠᠰᠡ ᠵᠠᠰᠠᠯ ᠬᠢᠭᠰᠡᠨ ᠡᠮᠡᠭᠲᠠᠶᠢᠴᠦᠳ ᠤᠨ ᠡᠷᠡᠬᠦᠯ ᠮᠠᠨᠳᠦ ᠪᠠ ᠠᠮᠤᠷ ᠲᠦᠪᠰᠢᠨ ᠢ ᠪᠠᠳᠤᠯᠠᠬᠤ ᠬᠡᠷᠡᠭᠲᠠᠢ᠃ ᠤᠯᠤᠰ ᠠᠴᠠ ᠤᠷᠤᠭᠯᠠᠬᠤ ᠠᠴᠠ ᠡᠮᠦᠨᠡᠬᠢ ᠡᠷᠡᠬᠦᠯᠵᠢᠯ᠂ ᠵᠢᠷᠮᠦᠰᠦᠯᠡᠵᠦ ᠬᠦᠩᠭᠡᠵᠢᠬᠦ ᠬᠤᠭᠤᠴᠠᠭᠠᠨ ᠤ ᠡᠷᠡᠬᠦᠯᠵᠢᠯ ᠤᠨ ᠲᠦᠷᠢᠮ ᠢ ᠬᠡᠷᠡᠭᠵᠢᠬᠦᠯᠵᠦ᠂ ᠡᠭᠡ ᠨᠢᠯᠬ᠎ᠠ ᠶᠢᠨ ᠡᠷᠡᠬᠦᠯᠵᠢᠯ ᠤᠨ ᠦᠢᠯᠡᠰ ᠢ ᠬᠦᠭᠵᠢᠬᠦᠯᠦᠨ᠎ᠡ᠃ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠭᠡᠮᠵᠢᠶ᠎ᠡ ᠠᠪᠴᠦ ᠪᠠᠶᠢᠭᠠᠳ ᠡᠮᠡᠭᠲᠠᠶᠢᠴᠦᠳ ᠤᠨ ᠲᠦᠯᠦᠪᠯᠡᠭᠡ ᠲᠠᠢ ᠪᠠᠷ ᠭᠡᠤᠭᠡᠳ ᠠᠪᠬᠤ ᠮᠡᠷᠭᠡᠵᠢᠯ ᠤᠨ ᠦᠢᠯᠡᠴᠢᠯᠡᠭᠡ ᠡᠳ᠋ᠯᠡᠬᠦ ᠶᠢ ᠪᠠᠳᠤᠯᠠᠵᠦ᠂ ᠡᠮᠡᠭᠲᠠᠶᠢᠴᠦᠳ ᠤᠨ ᠦᠷᠡᠵᠢᠯ ᠤᠨ ᠡᠷᠡᠬᠦᠯ ᠮᠠᠨᠳᠦ ᠶᠢᠨ ᠬᠢᠷᠢ ᠭᠡᠮᠵᠢᠶ᠎ᠡ ᠶᠢ ᠲᠡᠭᠡᠭᠰᠢᠯᠡᠬᠦᠯᠬᠦ ᠬᠡᠷᠡᠭᠲᠠᠢ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号