ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/13
   5 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠸ ᠴᠧᠩ ᠤᠨ ᠪᠠᠶᠢᠴᠠᠭᠠᠨ ᠰᠤᠳᠤᠯᠤᠯᠲᠠ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠰᠤᠳᠤᠯᠤᠨ ᠨᠠᠶᠢᠳᠠᠪᠤᠷᠢᠵᠢᠭᠤᠯᠵᠤ᠂ ᠬᠤᠯᠪᠤᠭᠳᠠᠯ ᠪᠦᠬᠦᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠪᠣᠯᠣᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨᠬᠦ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠬᠤ  ᠯᠤᠭ᠎ᠠ ᠤᠶᠠᠯᠳᠤᠭᠤᠯᠵᠤ᠂ ᠬᠠᠷᠠᠯᠲᠠ ᠡᠭᠦᠷᠭᠡ ᠪᠠᠨ ᠲᠣᠭᠲᠠᠭᠠᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠠᠵᠤ ᠠᠬᠤᠢ ᠶᠢᠨ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠵᠤ᠂ ᠭᠤᠣᠯ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ᠂ ᠭᠤᠣᠯᠳᠠᠯᠭ᠎ᠠ ᠲᠠᠢ ᠠᠵᠢᠯ ᠲᠥᠷᠥᠯ ᠤᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠬᠤ᠂ ᠡᠵᠡᠩᠨᠡᠯᠲᠡ ᠶᠢᠨ ᠭᠤᠣᠯ ᠴᠣᠭᠴᠠ ᠶᠢᠨ ᠬᠦᠴᠢᠷᠳᠡᠯ ᠢ ᠨᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠠᠵᠤ ᠠᠬᠤᠢ ᠶᠢᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠭᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠵᠢᠯᠲᠠᠨ ᠤ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠦᠬᠠᠢ ᠶᠢᠨ ᠣᠨᠴᠠᠯᠢᠭ ᠲᠠᠢ ᠠᠵᠤ ᠦᠢᠯᠡᠰ ᠤᠨ ᠠᠵᠢᠯᠴᠢᠨ ᠤ ᠴᠢᠳᠠᠪᠤᠷᠢ ᠶᠢᠨ ᠪᠤᠶᠢᠵᠢᠯᠲᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠬᠤ ᠬᠡᠷᠡᠭᠲᠡᠢ᠃ ᠨᠠᠮ ᠠᠴᠠ ᠵᠠᠯᠠᠭᠤᠴᠤᠳ ᠤᠨ ᠠᠵᠢᠯ ᠢ ᠬᠠᠮᠢᠶᠠᠷᠬᠤ ᠵᠠᠷᠴᠢᠮ ᠢ ᠢᠮᠠᠭᠲᠠ ᠪᠠᠷᠢᠮᠲᠠᠯᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠵᠠᠯᠠᠭᠤᠴᠤᠳ ᠤᠨ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠪᠣᠯᠣᠨ ᠨᠥᠬᠦᠴᠡᠯ ᠢ ᠴᠢᠷᠮᠠᠶᠢᠨ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠪᠦᠬᠦ ᠬᠤᠳᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠬᠠᠢ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠳᠠᠷᠤᠢ ᠳᠤᠨᠢ ᠬᠥᠳᠡᠯᠦᠯᠴᠡᠵᠦ᠂ ᠳᠠᠷᠤᠢ ᠳᠤᠨᠢ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠢᠭᠡ ᠴᠣᠭᠴᠠᠵᠢᠭᠤᠯᠤᠨ ᠪᠠᠶᠢᠷᠢᠯᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠨ ᠮᠡᠳᠡᠭᠳᠡᠬᠦ ᠲᠣᠭᠲᠠᠴᠠ ᠶᠢ ᠪᠠᠶᠢᠭᠤᠯᠵᠤ᠂ ᠨᠡᠶᠢᠲᠡᠯᠡᠨ ᠮᠡᠳᠡᠭᠳᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠱᠠᠳᠣ ᠡᠯ᠎ᠡ ᠰᠠᠯᠠᠭ᠎ᠠ ᠮᠥᠴᠢᠷ ᠢ ᠰᠢᠪᠠᠳᠠᠨ ᠱᠠᠭᠠᠷᠳᠠᠵᠤ ᠪᠠᠶᠢᠭᠠᠳ ᠨᠢᠭᠡ ᠠᠴᠠ ᠨᠦᠬᠦᠭᠡ ᠶᠢ ᠵᠦᠢᠴᠢᠯᠡᠨ ᠨᠦᠬᠦᠭᠡ ᠶᠢ ᠮᠡᠳᠡᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠰᠠᠶᠢᠲᠤᠷ ᠠᠳᠬᠤᠬᠤ ᠬᠡᠷᠡᠭᠲᠡᠢ᠃ ᠨᠡᠩ ᠴᠢᠩᠭ᠎ᠠ ᠲᠤᠯᠭᠠᠮ᠎ᠠ ᠰᠡᠳᠬᠢᠯᠭᠡ ᠪᠣᠯᠣᠨ ᠲᠦᠭᠰᠢᠭᠦᠷᠢᠲᠦ ᠰᠡᠳᠬᠢᠯᠭᠡ ᠪᠠᠷ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠰᠠᠶᠢᠲᠤᠷ ᠠᠳᠬᠤᠵᠤ᠂ ︽ᠭᠤᠷᠪᠠ ᠶᠢ ᠨᠡᠶᠢᠳᠬᠡᠬᠦ︾ ᠶᠢ ᠬᠦᠴᠦ ᠣᠷᠣᠭᠤᠯᠤᠨ ᠠᠬᠢᠭᠤᠯᠵᠤ᠂ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠠᠬᠢᠭᠤᠯᠵᠤ᠂ ᠦᠬᠠᠢ ᠶᠢᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠭᠤᠷᠪᠠᠳᠤᠭᠠᠷ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠦᠢᠯᠡᠳᠪᠦᠷᠢᠯᠡᠯ ᠤᠨ ᠴᠢᠨᠠᠷᠲᠠᠢ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠠᠷᠠᠳ ᠤᠨ ᠠᠮᠢᠳᠤᠷᠠᠯ ᠤᠨ ᠠᠵᠢᠯ ᠲᠠᠢ ᠤᠶᠠᠯᠳᠤᠭᠤᠯᠵᠤ᠂ ᠦᠢᠯᠡᠴᠢᠯᠡᠭᠡᠨ ᠤ ᠦᠢᠯᠡᠰ ᠤᠨ ᠠᠵᠤ ᠦᠢᠯᠡᠰᠵᠢᠯᠲᠡ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠢᠳᠡᠭᠡᠨ ᠤ ᠠᠵᠤ ᠦᠢᠯᠡᠳᠪᠦᠷᠢ ᠶᠢ ᠲᠦᠷᠭᠡᠪᠴᠢᠯᠡᠨ ᠬᠥᠭᠵᠢᠭᠦᠯᠵᠦ᠂ ᠣᠷᠣᠨ ᠪᠦᠰᠡ ᠶᠢᠨ ᠳᠣᠲᠣᠷᠠᠬᠢ ᠲᠠᠷᠢᠶᠠᠯᠠᠩ ᠤᠨ ᠪᠦᠲᠦᠭᠡᠭᠳᠡᠬᠦᠨ ᠤ ᠡᠬᠢ ᠪᠠᠶᠠᠯᠢᠭ ᠲᠤ ᠲᠦᠰᠢᠭᠯᠡᠨ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ ᠦᠢᠯᠡᠳᠪᠦᠷᠢᠯᠡᠯ ᠤᠨ ᠣᠷᠠᠨ ᠲᠠᠷᠬᠠᠯᠠᠯ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠲᠠᠯ᠎ᠠ ᠠᠴᠠ ᠭᠠᠷᠳᠠᠵᠤ᠂ ᠠᠵᠤ ᠦᠢᠯᠡᠰ ᠤᠨ ᠬᠥᠭᠵᠢᠯᠲᠡ ᠶᠢ ᠭᠦᠨᠵᠡᠭᠡᠢ ᠰᠤᠳᠤᠯᠵᠤ᠂ ᠣᠷᠣᠨ ᠨᠤᠲᠤᠭ ᠤᠨ ᠨᠡᠷᠡᠳᠤ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠤᠯᠠᠷᠠᠭᠤᠯᠤᠯ ᠦᠭᠡᠢ ᠪᠠᠷ ᠴᠢᠩᠭ᠎ᠠ ᠠᠳᠬᠤᠨ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠭᠦᠨᠵᠡᠭᠡᠢ ᠰᠤᠳᠤᠯᠵᠤ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠰᠢᠰᠲ᠋ᠧᠮ ᠲᠠᠢ ᠡᠮᠬᠢᠯᠡᠵᠦ᠂ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢᠶᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠶᠠᠪᠤᠴᠠ ᠪᠣᠯᠣᠨ ᠲᠣᠭᠲᠠᠴᠠ ᠪᠠᠨ ᠰᠢᠯᠢᠳᠡᠭᠵᠢᠭᠦᠯᠵᠦ᠂ ᠦᠨᠳᠦᠰᠦᠨ ᠱᠠᠲᠤᠨ ᠤ ︽ᠪᠠᠶᠢᠭᠤᠯᠤᠯᠭ᠎ᠠ︾ ᠶᠢ ᠡᠷᠡᠰ ᠬᠤᠷᠢᠭᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠵᠠᠰᠠᠭ‌‍ᠤᠨ ᠣᠷᠳᠣᠨ ᠪᠣᠯᠣᠨ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠪᠠᠷ ᠬᠥᠭᠵᠢᠯᠲᠡ‌‍ᠶᠢᠨ ᠳᠤᠮᠳᠠᠬᠢ ᠠᠰᠠᠭᠤᠳᠠᠯ ᠢ ᠰᠡᠳᠬᠢᠵᠦ᠂ ᠵᠠᠳᠠᠯᠵᠤ᠂ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠦᠷ᠎ᠡ ᠪᠦᠲᠦᠮᠵᠢ‌‍ᠶᠢᠨ ᠤᠬᠠᠮᠰᠠᠷ ᠢᠶᠠᠨ ᠪᠠᠲᠤᠳᠬᠠᠵᠤ᠂ ᠶᠡᠭᠡ ᠬᠦᠴᠦ ᠣᠷᠣᠭᠤᠯᠤᠨ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ‌‍ᠦᠨ ᠠᠵᠢᠯ ᠢᠶᠠᠨ ᠲᠠᠬᠢᠨ ᠵᠢᠷᠤᠮᠵᠢᠭᠤᠯᠬᠤ᠂ ᠲᠠᠬᠢᠨ ᠴᠣᠮᠬᠠᠳᠬᠠᠬᠤ᠂ ᠲᠠᠬᠢᠨ ᠲᠦᠷᠭᠡᠳᠬᠡᠬᠦ ᠶᠢ ᠠᠬᠢᠭᠤᠯᠬᠤ ᠬᠡᠷᠡᠭᠲᠡᠢ᠃ ᠨᠠᠷᠠᠲᠤ ᠲᠥᠷᠥᠯ ᠲᠡᠮᠳᠡᠭᠲᠦ‌‍ᠶᠢᠨ ᠤᠬᠠᠮᠰᠠᠷ‌‍ᠢᠶ᠋ᠠᠨ ᠲᠡᠭᠡᠭᠰᠢᠯᠡᠬᠦᠯᠵᠦ᠂ ᠨᠢᠭᠡ ᠪᠦᠯᠦᠭ ᠲᠣᠰ ᠭᠠᠵᠠᠷ‌‍ᠤᠨ ᠰᠢᠯᠢᠳᠡᠭ ᠠᠵᠤ ᠠᠬᠤᠶᠢᠯᠠᠯ ᠪᠠ ᠰᠢᠯᠢᠳᠡᠭ ᠦᠢᠯᠡᠳᠬᠦᠨ ᠢ ᠰᠣᠩᠭᠤᠨ ᠪᠣᠶᠢᠵᠢᠭᠤᠯᠵᠤ᠂ ᠠᠵᠤ ᠠᠬᠤᠶᠢᠯᠠᠯ‌‍ᠤᠨ ᠤᠬᠠᠭᠠᠯᠠᠨ ᠰᠡᠳᠦᠬᠦ᠂ ᠵᠢᠷᠤᠵᠤ ᠲᠥᠯᠥᠪᠯᠡᠬᠦ᠂ ᠤᠬᠠᠭᠤᠯᠬᠤ᠂ ᠡᠵᠡᠩᠨᠡᠨ ᠪᠣᠷᠣᠯᠠᠭᠤᠯᠬᠤ ᠵᠡᠷᠭᠡ ᠲᠠᠯ᠎ᠠ ᠠᠴᠠ ᠭᠠᠷᠳᠠᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠦᠬᠠᠢ‌‍ᠶᠢᠨ ᠦᠵᠦᠮ ᠵᠡᠷᠭᠡ ᠨᠢᠭᠡ ᠪᠦᠯᠦᠭ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠨᠠᠩ ᠣᠯᠠᠨ ᠲᠣᠰ ᠭᠠᠵᠠᠷ‌‍ᠤᠨ ᠣᠨᠴᠠᠯᠢᠭᠲᠤ ᠦᠢᠯᠡᠳᠬᠦᠨ ᠤ ᠭᠠᠳᠠᠭᠰᠢ ᠭᠠᠷᠬᠤ ᠶᠢ ᠠᠬᠢᠭᠤᠯᠤᠨ᠂ ᠵᠠᠬ᠎ᠠ ᠳᠡᠯᠭᠡᠭᠦᠷ‌‍ᠦᠨ ᠥᠷᠢᠰᠦᠯᠳᠦᠬᠦ ᠬᠦᠴᠦᠨ ᠪᠠ ᠨᠠᠷᠠᠲᠤ ᠲᠥᠷᠥᠯ ᠲᠡᠮᠳᠡᠭᠲᠦ‌‍ᠶᠢᠨ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠰᠠᠭᠤᠳᠠᠯ ᠢ ᠳᠡᠭᠡᠭᠰᠢ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠦᠨᠳᠦᠰᠦᠨ ᠱᠠᠲᠤᠨ ᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠬᠦᠴᠦ ᠲᠠᠯᠪᠢᠵᠤ ᠪᠠᠶᠢᠭᠠᠳ ᠠᠰᠠᠭᠤᠳᠠᠯ‌‍ᠤᠨ ᠮᠥᠨ ᠴᠢᠨᠠᠷ᠂ ᠭᠤᠣᠯᠳᠠᠯᠭ᠎ᠠ ᠪᠠ ᠵᠠᠩᠭᠢᠯᠠᠭ᠎ᠠ ᠶᠢ ᠨᠢ ᠦᠨᠡᠨ ᠬᠦ ᠲᠣᠳᠣᠷᠬᠠᠢ ᠣᠶᠢᠯᠠᠭᠠᠵᠤ᠂ ᠬᠠᠨᠳᠤᠯᠭ᠎ᠠ ᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠰᠠᠭᠤᠳᠠᠯ ᠢ ᠨᠢ ᠰᠢᠢᠳᠪᠦᠷᠢᠯᠡᠬᠦ ᠶᠢ ᠤᠨᠢᠨ ᠳᠡᠭᠡᠷ᠎ᠡ ᠨᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠶᠡᠭᠡ ᠬᠠᠮᠠᠭᠠᠯᠠᠯᠲᠠ᠂ ᠶᠡᠭᠡ ᠬᠤᠪᠢᠷᠠᠯᠲᠠ᠂ ᠶᠡᠭᠡ ᠴᠡᠭᠴᠡᠯᠡᠨ ᠵᠠᠰᠠᠯᠳᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠬᠠᠲᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡᠨ ᠤ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠲᠤᠨ ᠭᠤᠣᠯ ᠤᠨ ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ᠂ ᠡᠯᠡᠰᠦᠷᠬᠡᠭᠵᠢᠭᠰᠡᠨ ᠪᠤᠰᠤ ᠭᠠᠵᠠᠷ ᠰᠢᠷᠣᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠬᠠᠢ ᠶᠢᠨ ᠬᠢᠯᠢ ᠲᠤᠲᠤᠷᠠᠭᠢ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠥᠨᠥᠭᠡᠬᠦ ᠪᠠᠶᠢᠯᠳᠤᠭᠠᠨ ᠪᠣᠯᠭᠠᠬᠤ ᠬᠡᠷᠡᠭᠲᠡᠢ᠃ ᠤᠰᠤᠨ ᠤ ᠡᠬᠢ ᠰᠤᠷᠪᠤᠯᠵᠢ ᠶᠢ ᠠᠷᠪᠢᠯᠠᠨ ᠭᠠᠮᠨᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠨᠡᠨᠬᠦ ᠰᠠᠶᠢᠲᠤᠷ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ  ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠬᠠᠢ ᠬᠤᠲᠠ ᠶᠢᠨ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠴᠡᠭᠴᠡᠯᠡᠨ ᠰᠠᠶᠢᠵᠢᠷᠠᠭᠤᠯᠬᠤ ᠲᠥᠰᠥᠯ ︵ᠬᠦᠷᠭᠡᠨ ᠬᠢᠨᠠᠭᠤᠯᠬᠤ ᠨᠣᠣᠷᠠᠭ︶︾ ᠢ ᠬᠢᠨᠠᠨ ᠵᠥᠪᠯᠡᠵᠦ᠂ ᠲᠣᠭᠲᠠᠯ ᠬᠦᠴᠦᠨ ᠢᠶᠠᠨ ᠪᠠᠲᠤᠯᠠᠵᠤ᠂ ᠥᠴᠥᠬᠡᠨ ᠴᠦ ᠰᠤᠯᠠᠷᠠᠭᠤᠯᠤᠯ ᠦᠭᠡᠢ ᠪᠠᠷᠢᠮᠲᠠᠯᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠠᠵᠢᠯ ᠲᠦᠷᠦᠯ ᠢ ᠴᠢᠩᠭ᠎ᠠ ᠠᠩᠬᠠᠷᠴᠤ᠂ ︽ᠲᠤᠯᠤᠭ᠎ᠠ ᠶᠢ ᠵᠠᠰᠠᠬᠤ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠬᠢᠨᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号