ᠬᠠᠶᠢᠨᠠᠨ ᠲᠣᠭᠤᠷᠢᠭ ᠤᠨ ᠬᠦᠬᠤᠰᠣ ᠪᠠᠯᠭᠠᠰᠤᠨ ᠤ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠶᠢᠨ ᠲᠥᠷᠥᠯ ᠵᠦᠢᠯ ᠢ ᠵᠢᠱᠢᠯᠲᠡ ᠪᠠᠷ 6 ᠰᠠᠷ᠎ᠠ ᠶᠢᠨ ᠰᠡᠭᠦᠯᠴᠢ ᠪᠠᠷ ᠲᠠᠭᠤᠰᠬᠠᠬᠤ ᠪᠤᠯᠤᠨ᠎ᠠ
ᠨᠡᠶᠢᠲᠡᠯᠡᠭᠰᠡᠨ ᠴᠠᠭ᠄
2024/5/14
     ᠬᠠᠶᠢᠨᠠᠨ ᠲᠣᠭᠤᠷᠢᠭ ᠤᠨ 2024 ᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠤᠨ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠤ ᠬᠤᠪᠢ ᠳᠤ᠂ ᠬᠦᠬᠤᠰᠣ ᠪᠠᠯᠭᠠᠰᠤᠨ ᠤ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠶᠢᠨ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠵᠤ᠂ ᠣᠳᠣᠬᠠᠨ ᠳᠤ ᠡᠯ᠎ᠡ ᠲᠥᠷᠥᠯ ᠤᠨ ᠲᠤᠷᠤᠭ ᠪᠣᠳᠠ ᠮᠣᠳᠣ ᠶᠢ ᠨᠢᠭᠡᠨᠲᠡ 6 ᠲᠦᠮᠡ ᠭᠠᠷᠤᠶ ᠰᠠᠭᠤᠷᠢ ᠵᠠᠶᠢᠯᠠᠵᠤ᠂ ᠵᠢᠱᠢᠯᠲᠡ ᠪᠠᠷ 6 ᠰᠠᠷ᠎ᠠ ᠶᠢᠨ ᠰᠡᠭᠦᠯᠴᠢ ᠪᠠᠷ ᠲᠠᠭᠤᠰᠬᠠᠬᠤ ᠪᠤᠯᠤᠨ᠎ᠠ᠃      ᠣᠶᠢᠷ᠎ᠠ ᠳᠤ᠂ 109 ᠤᠯᠤᠰ ᠤᠨ ᠵᠠᠮ ᠤᠨ ᠦᠬᠠᠶ ᠶᠢᠨ ᠾᠸᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠭᠦᠳᠡᠨ ᠡᠮᠦᠨ᠎ᠡ᠂ ᠰᠤᠷᠪᠤᠯᠵᠢᠯᠠᠭᠴᠢ ᠨᠣᠭᠤᠭᠠᠷᠠᠭᠤᠯᠤᠯᠲᠠ ᠶᠢᠨ ᠠᠵᠢᠯᠴᠢᠨ ᠶᠠᠭ ᠰᠢᠨ᠎ᠡ ᠪᠠᠷ ᠵᠠᠶᠢᠯᠠᠭᠰᠠᠨ ᠮᠣᠳᠣ ᠶᠢ ᠤᠰᠤᠯᠠᠵᠤ ᠪᠠᠶᠢᠬᠤ ᠶᠢ ᠣᠯᠵᠤ ᠬᠠᠷᠠᠪᠠ᠃ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ 3 ᠰᠠᠷ᠎ᠠ ᠳᠤ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠪᠠᠷᠢᠯᠭ᠎ᠠ ᠶᠢᠨ ᠨᠢᠭᠡᠴᠡ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠡᠨᠲᠡ 5 ᠲᠦᠮᠡ ᠭᠠᠷᠤᠶ ᠰᠠᠭᠤᠷᠢ ᠪᠣᠷᠣ ᠲᠦᠷᠦᠭᠦᠲᠦ ᠬᠤᠩᠭᠤᠷᠴᠠᠭᠲᠤ ᠮᠣᠳᠣ᠂ 7500 ᠭᠠᠷᠤᠶ ᠰᠠᠭᠤᠷᠢ ᠬᠤᠩᠭᠤᠷᠴᠠᠭᠲᠤ ᠮᠣᠳᠣ᠂ 400 ᠭᠠᠷᠤᠶ ᠰᠠᠭᠤᠷᠢ ᠭᠤᠤᠯᠲᠤ ᠪᠤᠷᠤ ᠵᠠᠶᠢᠯᠠᠪᠠ᠃      ᠬᠠᠶᠢᠨᠠᠨ ᠲᠣᠭᠤᠷᠢᠭ ᠤᠨ ᠬᠦᠬᠤᠰᠣ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠶᠠᠩ ᠶᠦᠨ᠄ ︽ᠣᠳᠣᠬᠠᠨ ᠳᠤ᠂ ᠲᠦᠷᠦᠯ ᠵᠦᠢᠯ ᠳᠤ ᠨᠢᠭᠡᠨᠲᠡ 6 ᠲᠦᠮᠡ ᠭᠠᠷᠤᠢ ᠲᠤᠷᠤᠭ ᠪᠤᠳᠠ ᠮᠣᠳᠣ ᠵᠠᠶᠢᠯᠠᠬᠤ᠂ 5.8 ᠲᠦᠮᠡᠨ ᠲᠡᠭᠰᠢ ᠳᠥᠷᠪᠡᠯᠵᠢᠨ ᠮᠧᠲᠷ ᠠᠭᠤᠯᠠᠷᠬᠠᠭ ᠣᠷᠣᠨ ᠤ ᠰᠢᠷᠣᠢ ᠰᠣᠯᠢᠬᠤ ᠠᠵᠢᠯ ᠢ ᠪᠡᠶᠡᠯᠡᠭᠦᠯᠦᠭᠰᠡᠨ ᠪᠠᠶᠢᠨ᠎ᠠ᠃ ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ᠬᠠᠷᠠᠭᠠᠨ ᠤ ᠰᠡᠷᠡᠯ ᠤᠨ ᠲᠠᠯ᠎ᠠ ᠪᠠᠷ ᠭᠤᠶᠣ ᠰᠠᠶᠢᠬᠠᠨ ᠪᠤᠯᠬᠤ ᠪᠠᠷ ᠪᠠᠷᠠᠬᠤ ᠥᠬᠡᠶ᠂ ᠭᠠᠵᠠᠷ ᠣᠷᠣᠨ ᠤ ᠲᠣᠭᠤᠰᠣ ᠶᠢ ᠰᠡᠷᠭᠡᠶᠢᠯᠡᠨ ᠡᠯᠡᠰᠦ ᠶᠢ ᠵᠠᠰᠠᠵᠤ᠂ ᠲᠠᠭᠤ ᠱᠤᠤᠭᠢᠶᠠᠨ ᠢ ᠪᠠᠭᠠᠰᠬᠠᠬᠤ ᠲᠠᠯ᠎ᠠ ᠪᠠᠷ ᠴᠥᠮ ᠮᠠᠰᠢ ᠰᠠᠶᠢᠨ ᠦᠷ᠎ᠡ ᠪᠦᠲᠦᠮᠵᠢ ᠲᠠᠢ ᠪᠤᠯᠬᠤ ᠪᠣᠯᠤᠨ᠎ᠠ︾ ᠬᠡᠬᠦ ᠬᠡᠯᠡᠵᠡᠢ᠃      ᠬᠠᠶᠢᠨᠠᠨ ᠲᠣᠭᠤᠷᠢᠭ ᠤᠨ ᠬᠦᠬᠤᠰᠣ ᠪᠠᠯᠭᠠᠰᠤᠨ ᠤ ᠠᠮᠢ ᠠᠬᠤᠶ ᠶᠢᠨ ᠣᠷᠴᠢᠨ ᠲᠣᠭᠤᠷᠢᠨ ᠶᠡᠷᠦᠩᠬᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠣᠶ ᠰᠢᠭᠤᠶ ᠶᠢᠨ ᠲᠥᠷᠥᠯ ᠵᠦᠢᠯ ᠢ ᠦᠬᠠᠶ ᠶᠢᠨ ᠡᠨᠧᠷᠭᠢ ᠶᠢᠨ ᠺᠣᠮᠫᠠᠨᠢ ᠠᠴᠠ ᠬᠠᠷᠢᠭᠤᠴᠠᠨ ᠬᠡᠷᠡᠭᠵᠢᠭᠦᠯᠵᠦ᠂ ᠶᠡᠷᠦᠩᠬᠡᠶ ᠪᠡᠯᠡ ᠣᠷᠣᠭᠤᠯᠤᠯᠲᠠ ᠨᠢ 1362 ᠲᠦᠮᠡᠨ ᠲᠥᠭᠦᠷᠢᠭ ᠪᠣᠯᠤᠨ᠎ᠠ᠃ ᠤᠷᠭᠤᠮᠠᠯ ᠤᠨ ᠤᠷᠭᠤᠯᠲᠠ ᠶᠢᠨ ᠴᠢᠨᠠᠷ᠂ ᠤᠰᠤᠯᠠᠯᠲᠠ ᠶᠢᠨ ᠤᠰᠤ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠥᠷᠥᠯ ᠵᠦᠢᠯ ᠳᠤ ᠭᠤᠤᠯᠳᠠᠭᠤ ᠬᠦᠬᠤᠰᠣ ᠪᠠᠯᠭᠠᠰᠤᠨ ᠤ ᠬᠤᠶᠢᠲᠤ ᠲᠠᠯ᠎ᠠ ᠶᠢᠨ 109 ᠤᠯᠤᠰ ᠤᠨ ᠵᠠᠮ ᠤᠨ ᠵᠠᠮ ᠤᠨ ᠬᠤᠶᠠᠷ ᠬᠠᠵᠠᠭᠤ ᠵᠢᠴᠢ ᠡᠷᠬᠢᠨ ᠲᠣᠭᠤᠷᠢᠨ ᠤ ᠠᠭᠤᠯᠠᠨ ᠴᠣᠭᠴᠠ ᠶᠢ ᠨᠣᠭᠤᠭᠠᠷᠠᠭᠤᠯᠵᠤ᠂ ᠡᠯ᠎ᠡ ᠲᠥᠷᠥᠯ ᠤᠨ ᠲᠤᠷᠤᠭ ᠪᠤᠳᠠ ᠮᠣᠳᠣ ᠶᠢ 79.14 ᠲᠦᠮᠡᠨ ᠰᠠᠭᠤᠷᠢ᠂ ᠨᠣᠭᠤᠭᠠᠨ ᠮᠣᠲᠣᠨ ᠬᠡᠷᠡᠰᠭᠡ ᠵᠢᠴᠢ ᠭᠠᠵᠠᠷ ᠤᠨ ᠬᠤᠴᠢᠯᠭ᠎ᠠ ᠶᠢ 1.18 ᠲᠦᠮᠡᠨ ᠲᠡᠭᠰᠢ ᠳᠥᠷᠪᠡᠯᠵᠢᠨ ᠮᠧᠲᠷ ᠵᠠᠶᠢᠯᠠᠬᠤ ᠪᠤᠶᠤ ᠳᠠᠷᠢᠬᠤ ᠪᠠᠷ ᠲᠥᠯᠥᠪᠯᠡᠵᠦ᠂ ᠨᠣᠭᠤᠭᠠᠷᠠᠭᠤᠯᠤᠯᠲᠠ ᠶᠢᠨ ᠲᠠᠯᠠᠪᠠᠶ ᠶᠢ 435 ᠮᠥ ᠰᠢᠨ᠎ᠡ ᠪᠠᠷ ᠨᠡᠮᠡᠭᠳᠡᠭᠦᠯᠵᠦ᠂ ᠲᠥᠷᠥᠯ ᠵᠦᠢᠯ ᠢ ᠵᠢᠱᠢᠯᠲᠡ ᠪᠠᠷ 6 ᠰᠠᠷ᠎ᠠ ᠶᠢᠨ ᠰᠡᠭᠦᠯᠴᠢ ᠪᠠᠷ ᠳᠠᠭᠤᠰᠬᠠᠵᠤ᠂ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠬᠤ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号