ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠠᠵᠢᠯ ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ ᠶᠢ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2024/5/14
     5 ᠰᠠᠷ᠎ᠠ ᠶᠢᠨ 12 ᠤᠨ ᠡᠳᠦᠷ᠂ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭᠠᠲᠤ ᠬᠤᠷᠠᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠪᠣᠯᠤᠨ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ︽ᠲᠤᠤᠷ᠎ᠠ ᠨᠡᠭᠦᠷᠡᠰᠦᠲᠥ᠋ᠷᠥᠭᠴᠢᠲᠤ ᠠᠵᠤ ᠠᠬᠤᠶᠢᠯᠠᠯ ᠳᠤ ᠬᠦᠨᠵᠡᠭᠡᠶᠢᠷᠡᠵᠦ᠂ ᠦᠷᠭᠦᠯᠵᠢᠯᠡᠬᠦ ᠬᠥᠭᠵᠢᠯᠲᠡ ᠶᠢ ᠬᠠᠶᠢᠨ ᠰᠦᠪᠡᠭᠴᠢᠯᠡᠶ᠎ᠡ︾ ᠭᠡᠬᠦ ᠭᠤᠤᠯ ᠰᠡᠳᠦᠪᠲᠦ ᠠᠵᠢᠯ ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ 50 ᠭᠠᠷᠤᠶ ᠰᠣᠷᠣᠭᠴᠢ ᠶᠢᠨ ᠲᠥᠯᠥᠭᠡᠯᠡᠭᠴᠢ ᠤᠷᠢᠳ ᠬᠤᠵᠢᠳ ᠥᠪᠥᠷ ᠮᠣᠩᠭᠤᠯ ᠤᠨ ᠭᠤᠸᠠᠩ ᠵᠢᠤᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠥᠪᠥᠷ ᠮᠣᠩᠭᠤᠯ ᠤᠨ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠰᠣᠶᠣᠯ᠂ ᠬᠥᠭᠵᠢᠯᠲᠡ ᠶᠢᠨ ᠴᠢᠭᠯᠡᠯ᠂ ᠦᠢᠯᠡᠳᠪᠦᠷᠢᠯᠡᠯ ᠤᠨ ᠣᠷᠴᠢᠨ ᠲᠣᠭᠤᠷᠢᠨ ᠵᠡᠷᠭᠡ ᠶᠢ ᠨᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠠᠵᠤ ᠠᠬᠤᠶᠢᠯᠠᠯ ᠤᠨ ᠬᠤᠯᠪᠤᠭᠳᠠᠯ ᠪᠥᠬᠦᠶ ᠬᠠᠷᠢᠭᠤᠴᠠᠯᠭᠠᠲᠠᠨ ᠲᠠᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠤᠬᠠᠶ ᠣᠶᠢᠯᠠᠭᠠᠯᠲᠠ ᠵᠢᠴᠢ ᠠᠵᠢᠯ ᠣᠯᠭᠤᠬᠤ ᠴᠢᠭᠯᠡᠯ ᠵᠡᠷᠭᠡ ᠠᠰᠠᠭᠤᠳᠠᠯ ᠤᠨ ᠲᠤᠬᠠᠢ ᠶᠠᠷᠢᠯᠴᠠᠨ ᠰᠣᠯᠢᠯᠴᠠᠪᠠ᠃      ᠣᠶᠢᠷ᠎ᠠ ᠶᠢᠨ ᠵᠢᠯ ᠳᠤ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠤᠯᠤᠰ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠦᠴᠦᠯᠡᠨ ᠬᠡᠷᠡᠭᠵᠢᠭᠦᠯᠵᠦ᠂ ᠰᠤᠷᠤᠭᠴᠢᠳ ᠢ ᠰᠤᠷᠭᠠᠭᠤᠯᠢ ᠶᠢᠨ ᠬᠦᠷᠢᠶᠡᠨ ᠠᠴᠠ ᠭᠠᠷᠭᠠᠵᠤ᠂ ᠨᠡᠶᠢᠭᠡᠮ ᠳᠤ ᠭᠦᠨᠵᠡᠭᠡᠶᠢᠷᠡᠭᠦᠯᠦᠨ᠂ ᠲᠡᠳᠡᠨ ᠤ ᠶᠡᠷᠦᠩᠬᠡᠶᠢᠯᠡᠭᠰᠡᠨ ᠴᠢᠳᠠᠪᠤᠷᠢ ᠪᠠ ᠨᠡᠶᠢᠭᠡᠮ ᠤᠨ ᠦᠢᠯᠡᠳᠦᠯᠭᠡ ᠶᠢᠨ ᠴᠢᠳᠠᠪᠤᠷᠢ ᠶᠢ ᠨᠢ ᠳᠠᠪᠲᠠᠨ ᠪᠣᠯᠪᠠᠰᠤᠷᠠᠭᠤᠯᠵᠤ ᠬᠥᠮᠦᠵᠢᠭᠦᠯᠪᠡ᠃ ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ ᠬᠦᠷᠢᠶ᠎ᠡ ᠴᠠᠷᠠᠭ᠎ᠠ ᠠᠯᠤᠰᠯᠠᠭᠰᠠᠨ ᠬᠠᠮᠲᠤᠷᠠᠯᠴᠠᠭ᠎ᠠ ᠪᠠᠷ ᠳᠠᠮᠵᠢᠭᠤᠯᠤᠨ᠂ ᠣᠨᠣᠯ ᠪᠠ ᠦᠢᠯᠡᠳᠦᠯᠭᠡ᠂ ᠰᠤᠷᠭᠠᠭᠤᠯᠢ ᠪᠠ ᠠᠵᠤ ᠠᠬᠤᠶᠢᠯᠠᠯ ᠤᠨ ᠬᠤᠭᠤᠷᠣᠨᠳᠣᠬᠢ ᠬᠥᠭᠦᠷᠭᠡ ᠶᠢ ᠪᠠᠶᠢᠭᠤᠯᠵᠤ᠂ ᠰᠤᠷᠤᠭᠴᠢᠳ ᠲᠤ ᠠᠵᠤ ᠠᠬᠤᠶᠢᠯᠠᠯ ᠤᠨ ᠬᠥᠭᠵᠢᠯᠲᠡ ᠶᠢᠨ ᠠᠵᠤ ᠠᠬᠤᠶ ᠨᠡᠶᠢᠭᠡᠮ ᠳᠤ ᠦᠵᠡᠭᠦᠯᠬᠦ ᠨᠥᠯᠥᠭᠡ ᠶᠢ ᠭᠦᠨᠵᠡᠭᠡᠶ ᠮᠡᠳᠡᠷᠡᠭᠦᠯᠵᠦ᠂ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠬᠠᠷᠠᠭᠠᠨ ᠤ ᠪᠠᠶᠢᠷᠢᠰᠢᠯ ᠢ ᠨᠢ ᠥᠷᠭᠡᠳᠬᠡᠨ᠂ ᠠᠵᠢᠯ ᠮᠡᠷᠭᠡᠵᠢᠯ ᠤᠨ ᠠᠮᠢᠳᠤᠷᠠᠯ ᠤᠨ ᠲᠤᠬᠠᠢ ᠲᠠᠨᠢᠯᠲᠠ ᠶᠢ ᠨᠢ ᠪᠠᠶᠠᠯᠢᠭᠵᠢᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠮᠡᠷᠭᠡᠵᠢᠯ ᠤᠨ ᠲᠥᠯᠥᠪᠵᠢᠭᠦᠯᠭᠡ ᠳᠤ ᠦᠵᠡᠯ ᠰᠠᠨᠠᠭᠠᠨ ᠤ ᠰᠠᠭᠤᠷᠢ ᠰᠠᠶᠢᠲᠤᠷ ᠲᠠᠯᠪᠢᠵᠦ ᠦᠭᠬᠦ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号