ᠮᠠᠨ ᠤ ᠬᠤᠲᠠ 2024 ᠣᠨ ᠤ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/5/14
     5 ᠰᠠᠷ᠎ᠠ ᠶᠢᠨ 13 ᠤ ᠡᠳᠦᠷ᠂ ᠮᠠᠨ ᠤ ᠬᠤᠲᠠ 2024 ᠣᠨ ᠤ ᠪᠥᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯᠲᠠᠳ ᠤᠨ ᠲᠥᠯᠥᠭᠡᠯᠡᠭᠴᠢ ᠡᠨᠧᠷᠭᠢ ᠠᠷᠪᠢᠯᠠᠬᠤ ᠤᠬᠠᠭᠤᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠥᠷᠭᠡᠨ ᠤᠯᠠᠨ ᠺᠠᠳ᠋ᠷ ᠠᠵᠢᠯᠳᠠᠨ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ ᠠᠯᠪᠠᠯᠠᠬᠤ ᠶᠢ ᠦᠢᠯᠡᠳᠦᠯᠭᠡᠵᠢᠭᠦᠯᠵᠦ᠂ ᠣᠷᠴᠢᠯᠳᠤᠭᠤᠯᠤᠨ ᠠᠰᠢᠭᠯᠠᠬᠤ ᠤᠬᠠᠮᠰᠠᠷ ᠢᠶᠠᠨ ᠴᠢᠩᠭᠠᠳᠬᠠᠵᠤ᠂ ᠣᠰᠣ ᠴᠠᠬᠢᠯᠭᠠᠨ ᠢ ᠠᠷᠪᠢᠯᠠᠨ ᠬᠡᠷᠡᠭᠯᠡᠵᠦ᠂ ᠲᠦᠷᠦᠭᠦᠯᠡᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠶᠢᠨ ᠤᠯᠠᠮᠵᠢᠯᠠᠭᠴᠢ᠂ ᠦᠢᠯᠡᠳᠦᠯᠭᠡᠵᠢᠭᠦᠯᠦᠭᠴᠢ᠂ ᠵᠢᠱᠢᠶ᠎ᠡ ᠦᠵᠡᠭᠦᠯᠦᠭᠴᠢ ᠪᠣᠯᠬᠤ ᠶᠢ ᠤᠷᠢᠶᠠᠯᠠᠪᠠ᠃      ᠠᠵᠢᠯᠯᠠᠭ᠎ᠠ ᠨᠢ ᠤᠬᠠᠭᠤᠯᠭ᠎ᠠ ᠶᠢᠨ ᠰᠠᠮᠪᠠᠷ᠎ᠠ ᠪᠠᠶᠢᠷᠢᠯᠠᠭᠤᠯᠬᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠱᠠᠩᠨᠠᠯ ᠲᠠᠢ ᠰᠡᠳᠦᠪ ᠬᠠᠷᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠺᠠᠳ᠋ᠷ ᠠᠵᠢᠯᠲᠠᠨ ᠢ ᠳᠠᠶᠢᠴᠢᠯᠠᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯᠯᠠᠭ᠎ᠠ ᠳᠤ ᠥᠷᠭᠡᠨ ᠢᠶᠠᠷ ᠣᠷᠣᠯᠴᠠᠭᠤᠯᠵᠤ᠂ ᠳᠣᠤᠷ᠎ᠠ ᠨᠡᠭᠦᠷᠡᠰᠦᠲᠥ᠋ᠷᠥᠭᠴᠢᠲᠦ ᠰᠢᠨ᠎ᠡ ᠬᠡᠪ ᠰᠤᠷᠲᠠᠯ ᠢ ᠪᠤᠶᠢᠵᠢᠭᠤᠯᠤᠨ ᠬᠥᠲᠥᠯᠥᠨ ᠳᠠᠭᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠨᠡᠶᠢᠭᠡᠮ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠦᠯᠢᠭᠡᠷ ᠳᠠᠭᠤᠷᠢᠶᠠᠯ ᠦᠵᠡᠭᠦᠯᠪᠡ᠃      ︽ᠬᠤᠶᠢᠰᠢᠳᠠ ᠪᠢᠳᠡ ᠨᠠᠩ ᠬᠦᠴᠦᠲᠡᠶ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠨᠧᠷᠭᠢ ᠠᠷᠪᠢᠯᠠᠬᠤ ᠠᠵᠢᠯ ᠤᠨ ᠡᠳᠦᠷ ᠲᠤᠲᠤᠮ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠᠷ ᠠᠵᠠ ᠲᠣᠬᠢᠶᠠᠯ ᠪᠣᠯᠭᠠᠨ᠂ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠰᠢᠨᠡᠳᠬᠡᠨ ᠲᠠᠰ ᠳᠡᠪᠰᠢᠭᠦᠯᠬᠦ ᠶᠢ ᠬᠡᠷᠡᠭᠵᠢᠭᠦᠯᠵᠦ᠂ ᠡᠨᠧᠷᠭᠢ ᠠᠷᠪᠢᠯᠠᠬᠤ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ ᠪᠠᠨ ᠲᠦᠷᠭᠡᠳᠬᠡᠨ᠂ ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠡᠨᠧᠷᠭᠢ ᠬᠡᠷᠡᠭᠯᠡᠬᠦ ᠪᠠᠲᠤᠯᠠᠭ᠎ᠠ ᠪᠠᠨ ᠴᠢᠩᠭᠠᠳᠬᠠᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ︾ ᠭᠡᠵᠦ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠰᠦᠩ ᠰᠢᠨ ᠵᠢᠶᠠᠨ ᠬᠡᠯᠡᠪᠡ᠃      ᠡᠨᠡ ᠵᠢᠯ ᠤᠨ 5 ᠰᠠᠷ᠎ᠠ ᠶᠢᠨ 13 ᠤ ᠡᠳᠦᠷ ᠠᠴᠠ 19 ᠤ ᠡᠳᠦᠷ ᠪᠣᠯᠲᠠᠯ᠎ᠠ ᠪᠣᠯ ᠪᠦᠬᠦ ᠤᠯᠤᠰ ᠤᠨ 34 ᠳ᠋ᠦ᠋ᠭᠡᠷ ᠤᠳᠠᠭᠠᠨ ᠤ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠪᠤᠯᠤᠨ᠎ᠠ᠂ ︽ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠵᠤ᠂ ᠡᠨᠧᠷᠭᠢ ᠠᠷᠪᠢᠯᠠᠵᠤ ᠪᠣᠭᠤᠮᠲᠠ ᠰᠢᠪᠲᠤᠯᠤᠶ᠎ᠠ︾ ᠬᠡᠬᠦ ᠪᠠᠷ ᠭᠤᠤᠯ ᠰᠡᠳᠦᠪ ᠪᠤᠯᠭᠠᠵᠠᠢ᠃ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠮᠠᠨ ᠤ ᠬᠤᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ ᠶᠢ ᠤᠬᠠᠭᠤᠯᠤᠨ ᠲᠤᠤᠱᠯᠠᠭᠤᠯᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠵᠡᠷᠭᠡ ᠲᠣᠭᠤᠷᠢᠨ ᠳᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠥᠮᠦᠨ ᠪᠦᠬᠦᠨ ᠬᠠᠯᠠᠮᠵᠢᠯᠠᠬᠤ᠂ ᠬᠥᠮᠦᠨ ᠪᠦᠬᠦᠨ ᠣᠷᠣᠯᠴᠠᠬᠤ᠂ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠠᠮᠢᠲᠤᠷᠠᠯ ᠤᠨ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠡᠨᠧᠷᠭᠢ ᠠᠷᠪᠢᠯᠠᠬᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ᠂ ᠬᠤᠷᠣᠭᠳᠠᠯ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠨᠠᠶᠢᠳᠠᠪᠤᠷᠢᠵᠢᠭᠤᠯᠬᠤ ᠵᠣᠷᠢᠯᠭ᠎ᠠ ᠳᠤ ᠬᠦᠷᠦᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号