ᠲᠡᠦᠭᠡᠨ ᠣᠯᠠᠷᠢᠯ ︵ᠠᠷᠪᠠ︶
ᠨᠡᠶᠢᠲᠡᠯᠡᠭᠰᠡᠨ ᠴᠠᠭ᠄
2024/5/14
     ᠲᠡᠦᠭᠡᠨ ᠣᠯᠠᠷᠢᠯ ︵ᠠᠷᠪᠠ︶      1980 ᠣᠨ᠄      1 ᠰᠠᠷ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠪᠢᠰᠬᠠᠯ ᠤᠨ ᠵᠦᠪᠯᠡᠯ ᠤᠨ ︽ᠦᠬᠠᠢ ᠬᠤᠳᠠ ᠬᠠᠷᠢᠶᠠᠲᠤ ᠲᠤᠭᠤᠷᠢᠭ ᠪᠠᠶᠢᠭᠤᠯᠬᠤ ᠠᠰᠠᠭᠤᠳᠠᠯ ᠤᠨ ᠲᠤᠬᠠᠢ ᠴᠤᠬᠤᠯᠠᠪᠤᠷᠢᠯᠠᠯ︾ ᠢ ᠦᠨᠳᠦᠰᠦᠯᠡᠵᠦ᠂ 3 ᠬᠡᠷᠡᠭ ᠡᠷᠬᠢᠯᠡᠬᠦ ᠭᠠᠵᠠᠷ ᠢ ᠬᠤᠳᠠ ᠶᠢᠨ ᠬᠠᠷᠢᠶ᠎ᠠ ᠲᠤᠭᠤᠷᠢᠭ ᠪᠤᠯᠭᠠᠪᠠ᠂ ᠲᠠᠷᠣᠢ ᠬᠠᠶᠢᠷᠤᠪ ᠤᠨ ᠲᠤᠬᠤᠢ ᠲᠤᠭᠤᠷᠢᠭ᠂ ᠤᠳᠠ ᠲᠤᠭᠤᠷᠢᠭ᠂ ᠷᠠᠰᠠᠩ ᠰᠦᠮ᠎ᠡ ᠬᠡᠷᠡᠭ ᠡᠷᠭᠢᠯᠡᠬᠦ ᠭᠠᠵᠠᠷ ᠢ ᠬᠠᠶᠢᠨᠠᠨ ᠲᠤᠭᠤᠷᠢᠭ ᠬᠡᠵᠦ ᠨᠡᠷᠡᠯᠡᠪᠡ᠃ ᠴᠢᠦᠢ ᠰᠢᠶᠦ᠋ᠨ ᠢᠦᠢ ᠲᠤᠮᠳᠠᠲᠤ ᠤᠯᠤᠰ ᠤᠨ ᠡᠪ ᠬᠠᠮᠲᠤ ᠨᠠᠮ ᠤᠨ ᠬᠠᠶᠢᠷᠤᠪ ᠤᠨ ᠲᠤᠬᠤᠢ ᠲᠤᠭᠤᠷᠢᠭ ᠤᠨ ᠲᠤᠭᠤᠷᠢᠭ  ᠤᠨ ᠨᠠᠮ ᠤᠨ ᠬᠤᠷᠢᠶᠠᠨ ᠤ ᠱᠦᠵᠢ᠂ ᠲᠤᠭᠤᠷᠢᠭ ᠤᠨ ᠲᠠᠷᠤᠭ᠎ᠠ ᠶᠢᠨ ᠲᠤᠰᠢᠶᠠᠯ ᠡᠭᠦᠷᠭᠡᠯᠡᠪᠡ᠃ ᠸᠠᠩ ᠱᠸᠤ ᠴᠢ ᠲᠤᠮᠳᠠᠲᠤ ᠤᠯᠤᠰ ᠤᠨ ᠡᠪ ᠬᠠᠮᠲᠤ ᠨᠠᠮ ᠤᠨ ᠤᠳᠠ ᠲᠤᠭᠤᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠡᠭᠦᠷᠭᠡᠯᠡᠪᠡ᠃ ᠴᠢ ᠮᠤᠤ ᠷᠦᠩ ᠲᠤᠮᠳᠠᠲᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠤᠭᠤᠷᠢᠭ ᠤᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠡᠭᠦᠷᠭᠡᠯᠡᠵᠦ᠂ ᠲᠦᠪᠰᠢᠨ ᠲᠤᠭᠤᠷᠢᠭ ᠤᠨ ᠲᠠᠷᠤᠭ᠎ᠠ ᠶᠢᠨ ᠲᠤᠰᠢᠶᠠᠯ ᠡᠭᠦᠷᠬᠡᠯᠡᠪᠡ᠃      2 ᠰᠠᠷ᠎ᠠ᠂ ᠦᠬᠠᠢ ᠬᠤᠳᠠ ᠶᠢᠨ ᠬᠤᠪᠢᠰᠬᠠᠯ ᠤᠨ ᠵᠦᠪᠯᠡᠯ ᠠᠴᠠ ︽ᠰᠣᠶᠤᠯ ᠤᠨ ᠶᠡᠭᠡ ᠬᠤᠪᠢᠰᠬᠠᠯ︾ ᠤᠨ ᠬᠤᠭᠤᠴᠠᠭᠠᠨ ᠤ ᠬᠢᠯᠢᠰ᠂ ᠬᠤᠳᠠᠯ᠂ ᠪᠤᠷᠤᠭᠤ ᠬᠡᠷᠡᠭ ᠲᠤ ᠬᠦᠨᠲᠦ ᠰᠢᠷᠬᠠᠳᠣᠵᠣ ᠵᠡᠮᠳᠡᠭ ᠪᠤᠯᠤᠭᠰᠠᠨ ᠬᠦᠮᠦᠰ ᠲᠤ ︽ᠵᠡᠮᠳᠡᠭᠴᠣᠳ ᠤᠨ ᠦᠨᠡᠮᠯᠡᠯ︾ ᠬᠢᠭᠡᠳ ︽ᠵᠡᠮᠳᠡᠭᠴᠣᠳ ᠤᠨ ᠡᠮᠨᠡᠯᠭᠡ ᠶᠢᠨ ᠦᠨᠡᠮᠯᠡᠯ︾ ᠲᠠᠷᠬᠠᠭᠠᠪᠠ᠃      3 ᠰᠠᠷ᠎ᠠ ᠶᠢᠨ 25 ᠤ ᠡᠳᠦᠷ᠂ ᠦᠬᠠᠢ ᠬᠤᠳᠠ ᠶᠢᠨ ᠲᠠᠭᠠᠳᠬᠠᠯ ᠤᠨ ᠺᠤᠮᠫᠠᠨᠢ ᠪᠠᠶᠢᠭᠤᠯᠤᠭᠳᠠᠪᠠ᠃      5 ᠰᠠᠷ᠎ᠠ ᠶᠢᠨ 2 ᠤᠨ ᠡᠳᠦᠷ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠭᠡᠳᠦᠭᠡᠷ ᠱᠦᠵᠢ ᠵᠸᠤ ᠾᠦᠢ ᠦᠬᠠᠢ ᠳᠤ ᠠᠵᠢᠯ ᠪᠠᠶᠢᠴᠠᠭᠠᠪᠠ᠃      5 ᠰᠠᠷ᠎ᠠ ᠶᠢᠨ 25 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠲᠢᠩᠬᠢᠮ ᠠᠴᠠ 62 ᠲᠦᠮᠡᠨ ᠲᠥᠭᠦᠷᠢᠭ ᠤᠨ ᠪᠡᠯᠡ ᠣᠷᠣᠭᠤᠯᠵᠣ᠂ ᠤᠳᠠ ᠶᠢᠨ ᠤᠷᠳᠣ ᠭᠤᠤᠯ ᠤᠨ ᠬᠦᠬᠦᠷᠭᠡ ᠶᠢ ᠵᠠᠰᠠᠨ ᠪᠠᠶᠢᠭᠤᠯᠪᠠ᠃      ᠲᠤᠰ ᠰᠠᠷ᠎ᠠ᠂ ᠯᠠᠨᠵᠸᠣ ᠶᠢᠨ ᠴᠡᠷᠢᠭ ᠤᠨ ᠲᠤᠭᠤᠷᠢᠭ ᠤᠨ ᠺᠣᠮᠠᠨᠳᠠᠯᠬᠠᠠᠴᠢ ᠬᠠᠨ ᠰᠢᠶᠠᠨ ᠴᠦ᠋᠂ ᠣᠯᠣᠰ ᠲᠦᠷᠦ ᠶᠢᠨ ᠬᠡᠰᠢᠬᠦᠨ ᠰᠢᠶᠤᠤ ᠬᠤᠸᠠ ᠦᠬᠠᠢ ᠳᠤ ᠠᠵᠢᠯ ᠪᠠᠶᠢᠴᠠᠭᠠᠪᠠ᠃      6 ᠰᠠᠷ᠎ᠠ ᠶᠢᠨ 26 ᠤ ᠡᠳᠦᠷ᠂ ᠦᠬᠠᠢ ᠬᠤᠳᠠ ᠶᠢᠨ ᠪᠡᠶ᠎ᠡ ᠲᠠᠮᠢᠷ ᠤᠨ ᠲᠤᠮᠳᠠᠲᠤ ᠰᠣᠷᠭᠠᠭᠤᠯᠢ ᠪᠠᠶᠢᠭᠤᠯᠤᠭᠳᠠᠪᠠ᠃      7 ᠰᠠᠷ᠎ᠠ ᠶᠢᠨ 1 ~ 7 ᠤ ᠡᠳᠦᠷ᠂ ᠦᠬᠠᠢ ᠬᠤᠳᠠ ᠶᠢᠨ ᠰ‍‌ᠵᠠᠵ‍‌ᠵᠯᠠᠬᠦ ᠤᠬᠠᠭᠠᠡ ᠲᠧᠭᠨ᠋‍‌ᠵᠭ ᠮᠠᠷᠭᠡᠵ‍‌ᠵᠯ ᠤᠨ ᠡᠪᠯᠠᠯ ᠤᠨ ᠠᠩᠬᠠᠳᠤᠭᠠᠷ ᠬᠤᠭᠤᠴᠠᠭᠠᠨ ᠤ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠂ ᠢᠦᠢ ᠵᠢᠩ ᠾᠧᠩ ᠬᠤᠳᠠ ᠶᠢᠨ ᠰ‍‌ᠵᠠᠵ‍‌ᠵᠯᠠᠬᠦ ᠤᠬᠠᠭᠠᠡ ᠲᠧᠭᠨ᠋‍‌ᠵᠭ ᠮᠠᠷᠭᠡᠵ‍‌ᠵᠯ ᠤᠨ ᠡᠪᠯᠠᠯ ᠤᠨ ᠲᠡᠷᠢᠭᠦᠯᠡᠭᠴᠢ ᠪᠠᠷ ᠰᠣᠩᠭᠤᠭᠳᠠᠪᠠ᠃      8 ᠰᠠᠷ᠎ᠠ᠂ ᠸᠠᠩ ᠵᠢᠶᠠᠨ ᠮᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠠᠵᠢᠯ ᠰᠢᠯᠵᠢᠵᠤ᠂ ᠬᠤᠸᠠᠩ ᠹᠧᠩ ᠴᠢ ᠦᠬᠠᠢ ᠬᠤᠳᠠ ᠶᠢᠨ ᠬᠤᠪᠢᠰᠬᠠᠯ ᠤᠨ ᠵᠦᠪᠯᠡᠯ ᠤᠨ ᠤᠷᠤᠯᠠᠭᠴᠢ ᠡᠷᠭᠢᠯᠡᠭᠴᠢ ᠶᠢᠨ ᠲᠤᠰᠢᠶᠠᠯ ᠡᠭᠦᠷᠭᠡᠯᠡᠪᠡ᠃      9 ᠰᠠᠷ᠎ᠠ ᠶᠢᠨ16 ᠤ ᠡᠳᠦᠷ᠂ ︽ᠦᠪᠦᠷ ᠮᠤᠩᠭᠤᠯ ᠤᠨ ᠡᠳᠦᠷ ᠤᠨ ᠰᠤᠨᠢᠨ︾ ᠳᠤ ︽ᠡᠣ ᠬᠣ᠋ ᠱᠠᠨ ᠠᠭᠤᠷᠬᠠᠢ ᠶᠢᠨ ᠭᠤᠤᠯ ᠬᠠᠷᠢᠭᠤᠴᠠᠯᠭᠠᠳᠠᠨ ᠠᠮᠤᠷ ᠲᠦᠪᠰᠢᠨ ᠦᠢᠯᠡᠳᠪᠦᠷᠢᠯᠡᠯ ᠢ ᠤᠮᠳᠤᠭᠠᠶᠢᠯᠠᠵᠤ᠂ ᠵᠠᠷᠴᠢᠮ ᠪᠠᠷᠢᠮᠳᠠᠯᠠᠭᠰᠠᠨ ᠠᠶᠤᠯᠭᠦᠢ ᠶᠢ ᠪᠠᠶᠢᠴᠠᠭᠠᠭᠴᠢ ᠳᠤ ᠴᠤᠬᠢᠯᠳᠠ ᠦᠭᠭᠦ ᠨᠢ ᠬᠠᠤᠯᠢ ᠰᠠᠬᠢᠯᠭ᠎ᠠ ᠳᠤ ᠨᠡᠶᠢᠴᠡᠬᠦ ᠦᠭᠡᠢ︾ ᠭᠡᠰᠡᠨ ᠭᠠᠷᠴᠠᠭ ᠲᠠᠢ ᠣᠩᠰᠢᠭᠴᠢ ᠶᠢᠨ ᠵᠠᠬᠢᠳᠠᠯ ᠢ ᠨᠡᠶᠢᠳᠡᠯᠡᠬᠦ ᠶᠢᠨ ᠲᠠᠭᠠᠤ᠂ ᠰᠢᠭᠦᠮᠵᠢᠯᠡᠭᠴᠢ ᠶᠢᠨ ᠵᠤᠬᠢᠶᠠᠯ ᠪᠤᠯᠤᠨ ᠣᠯᠠᠨ ᠨᠡᠶᠢᠳᠡ ᠶᠢᠨ ᠢᠷᠡᠭᠦᠯᠦᠭᠰᠡᠨ ᠵᠠᠬᠢᠳᠠᠯ ᠢ ᠬᠠᠮᠲᠤ ᠳᠤᠨᠢ ᠨᠡᠶᠢᠳᠡᠯᠡᠪᠡ᠃      11 ᠰᠠᠷ᠎ᠠ ᠶᠢᠨ 12 ᠤᠨ ᠡᠳᠦᠷ᠂ ᠣᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠨᠠᠮ ᠤᠨ ᠬᠤᠷᠢᠶ᠎ᠠ᠂ ᠡᠣ ᠬᠣ᠋ ᠱᠠᠨ ᠠᠭᠤᠷᠬᠠᠢ ᠶᠢᠨ ᠭᠤᠤᠯ ᠬᠠᠷᠢᠭᠤᠴᠠᠯᠭᠠᠳᠠᠨ ︽ᠦᠪᠦᠷ ᠮᠤᠩᠭᠤᠯ ᠤᠨ ᠡᠳᠦᠷ ᠤᠨ ᠰᠣᠨᠢᠨ︾  ᠳᠤ ᠵᠠᠬᠢᠳᠠᠯ ᠪᠢᠴᠢᠵᠦ ᠦᠪᠡᠷ ᠤᠨ ᠰᠢᠬᠦᠮᠵᠢᠯᠡᠯ ᠬᠢᠪᠡ᠃      ᠨᠠᠮᠤᠷ᠂ ᠦᠪᠦᠷ ᠮᠤᠩᠭᠤᠯ ᠤᠨ ᠲᠠᠤᠭᠡ ᠶᠢᠨ ᠲᠤᠷᠠᠰᠬᠠᠯᠳᠤ ᠵᠦᠢᠯ ᠤᠨ ᠬᠠᠭᠤᠴᠢ ᠰᠣᠳᠣᠯᠬᠤ ᠠᠩᠬᠢ ᠬᠢᠭᠡᠳ ᠦᠬᠠᠢ ᠬᠤᠳᠠ ᠶᠢᠨ ᠲᠠᠤᠭᠡ ᠶᠢᠨ ᠲᠤᠷᠠᠰᠬᠠᠯᠳᠤ ᠵᠦᠢᠯ ᠤᠨ ᠦᠷᠳᠡᠭᠡ ᠠᠴᠠ ᠣᠷᠠᠨ ᠲᠦᠰᠢ ᠠᠭᠤᠯᠠᠨ ᠤ ᠬᠠᠳᠠᠨ ᠵᠢᠷᠤᠭ ᠲᠤ ᠪᠠᠶᠢᠴᠠᠭᠠᠯᠳᠠ ᠬᠢᠪᠡ᠂ 5 ᠭᠠᠵᠠᠷ ᠤᠨ ᠬᠠᠳᠠᠨ ᠵᠢᠷᠤᠭ ᠢ ᠢᠯᠡᠷᠡᠬᠦᠯᠵᠦ᠂ ᠬᠡᠪᠴᠢᠶ᠎ᠡ ᠪᠠᠷ ᠬᠠᠮᠤᠭ ᠶᠡᠭᠡ ᠨᠢ ᠵᠤᠰᠤᠲᠤ ᠶᠢᠨ ᠭᠤᠤᠯ ᠳᠤ ᠪᠤᠢ᠃      11 ᠰᠠᠷ᠎ᠠ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠮ ᠤᠨ ᠬᠤᠷᠢᠶ᠎ᠠ ᠪᠤᠯᠤᠨ ᠦᠬᠠᠢ ᠬᠤᠳᠠ ᠶᠢᠨ ᠬᠤᠪᠢᠰᠬᠠᠯ ᠤᠨ ᠵᠦᠪᠯᠡᠯ ᠵᠢᠩᠬᠢᠨᠢ ᠪᠠᠷ ᠠᠯᠪᠠᠨ ᠠᠵᠢᠯ ᠢᠶᠠᠨ ᠰᠠᠯᠭᠠᠨ ᠡᠷᠬᠢᠯᠡᠪᠡ᠃      ᠲᠤᠰ ᠰᠠᠷ᠎ᠠ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠨᠡᠷᠡᠶᠢᠳᠦᠯ ᠢ ᠱᠦᠵᠢ ᠬᠡᠮᠡᠨ ᠦᠭᠡᠷᠡᠴᠢᠯᠡᠵᠦ᠂ ᠬᠤᠶᠠᠳᠣᠭᠠᠷ ᠱᠦᠵᠢ ᠶᠢᠨ ᠨᠡᠷᠡᠶᠢᠳᠦᠯ ᠢ ᠲᠡᠳ᠋ ᠱᠦᠵᠢ ᠬᠡᠮᠡᠨ ᠦᠬᠡᠷᠡᠴᠢᠯᠡᠪᠡ᠃ ᠱᠢ ᠱᠧᠩ ᠷᠦᠩ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ᠂ ᠰᠦᠬᠡ ᠰᠢᠯᠢ ᠶᠢᠨ ᠭᠤᠤᠯ ᠠᠶᠢᠮᠠᠭ ᠲᠤ ᠠᠵᠢᠯ ᠰᠢᠯᠵᠢᠪᠡ᠃      ᠲᠤᠰ ᠵᠢᠯ᠂ ᠦᠬᠠᠢ ᠬᠤᠳᠠ ᠶᠢᠨ ᠨᠤᠮ ᠤᠨ ᠰᠠᠩ ᠪᠠᠶᠢᠭᠤᠯᠤᠭᠳᠠᠵᠤ ᠬᠡᠷᠡᠭᠯᠡᠯᠳᠡ ᠳᠤ ᠣᠷᠣᠪᠠ᠂ 3 ᠲᠦᠮᠡ ᠭᠠᠷᠣᠢ ᠲᠡᠪᠳᠡᠷ ᠨᠤᠮ ᠬᠠᠳᠠᠭᠠᠯᠠᠵᠤ ᠪᠤᠢ᠃      ▲ ᠤᠳᠠ ᠶᠢᠨ ᠢᠳᠡᠰᠢᠨ ᠨᠤᠭᠤᠭᠠᠨ ᠤ ᠲᠠᠷᠢᠶᠠᠯᠠᠩ ᠤᠨ ᠲᠠᠯᠠᠪᠠᠢ ᠶᠢᠨ ᠫᠢᠸᠤ᠋ ᠶᠢᠨ ᠦᠢᠯᠡᠳᠪᠦᠷᠢ ᠪᠠᠶᠢᠭᠤᠯᠤᠭᠳᠠᠵᠤ ᠦᠢᠯᠡᠳᠪᠦᠷᠢᠯᠡᠯ ᠳᠤ ᠣᠷᠣᠪᠠ᠃      ▲ ᠣᠳᠠ ᠶᠢᠨ ᠨᠡᠭᠦᠷᠡᠰᠦᠨ ᠠᠭᠤᠷᠬᠠᠢ ᠶᠢᠨ ᠮᠠᠷᠭᠡᠵ‍‌ᠵᠯ ᠤᠨ ᠰᠤᠷᠭᠠᠭᠤᠯᠢ᠂ ᠬᠠᠳᠣᠨ ᠭᠤᠤᠯ ᠬᠢᠮᠢ ᠶᠢᠨ ᠦᠢᠯᠡᠳᠪᠦᠷᠢ ᠶᠢᠨ ᠮᠠᠷᠭᠡᠵ‍‌ᠵᠯ ᠤᠨ ᠰᠤᠷᠭᠠᠭᠤᠯᠢ᠂ ᠪᠠᠷᠠᠭᠤᠨ ᠤᠷᠠᠨ ᠲᠦᠰᠢ ᠠᠭᠤᠯᠠ ᠶᠢᠨ ᠱᠦᠢᠨᠢ ᠶᠢᠨ ᠦᠢᠯᠡᠳᠪᠦᠷᠢ ᠶᠢᠨ ᠮᠠᠷᠭᠡᠵ‍‌ᠵᠯ ᠤᠨ ᠰᠤᠷᠭᠠᠭᠤᠯᠢ᠂ ᠬᠠᠶᠢᠷᠣᠪ ᠤᠨ ᠲᠤᠬᠤᠢ ᠨᠡᠭᠦᠷᠡᠰᠦᠨ ᠠᠭᠤᠷᠬᠠᠢ ᠶᠢᠨ ᠮᠠᠷᠭᠡᠵ‍‌ᠵᠯ  ᠤᠨ ᠰᠤᠷᠭᠠᠭᠤᠯᠢ᠂ ᠴᠡᠭᠡᠯ ᠠᠭᠤᠯᠠ ᠶᠢᠨ ᠪᠤᠯᠤᠳ ᠲᠡᠮᠦᠷ ᠤᠨ ᠦᠢᠯᠡᠳᠪᠦᠷᠢ ᠶᠢᠨ ᠮᠠᠷᠭᠡᠵ‍‌ᠵᠯ ᠤᠨ ᠰᠤᠷᠭᠠᠭᠤᠯᠢ᠂ ᠴᠠᠬᠢᠯᠭᠠᠨ ᠦᠢᠯᠡᠰ ᠤᠨ ᠲᠤᠪᠴᠢᠶᠠᠨ ᠤ ᠴᠠᠬᠢᠯᠭᠠᠨ ᠬᠦᠴᠦᠨ ᠤ ᠮᠠᠷᠬᠡᠵᠢᠯ ᠤᠨ ᠠᠵᠢᠯᠴᠢᠠ ᠤ ᠰᠣᠷᠭᠠᠭᠤᠯᠢ ᠵᠡᠷᠭᠡ 6 ᠰᠠᠭᠤᠷᠢ ᠠᠵᠤ ᠠᠬᠤᠶᠢᠯᠠᠯ ᠤᠨ ᠮᠡᠷᠭᠡᠵᠢᠯ ᠤᠨ ᠰᠣᠷᠭᠠᠭᠤᠯᠢ ᠪᠠᠶᠢᠭᠤᠯᠤᠭᠳᠠᠪᠠ᠃      ▲ ᠣᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶ᠎ᠠ ᠵᠡᠷᠭᠡ ᠦᠢᠯᠡᠳᠪᠦᠷᠢ ᠠᠭᠤᠷᠬᠠᠢ ᠠᠵᠤ ᠠᠬᠤᠶᠢᠯᠠᠯ ᠳᠤ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠲᠤᠤᠷᠠᠬᠢ ᠲᠤᠪᠴᠢᠶ᠎ᠠ᠂ ᠠᠭᠤᠷᠬᠠᠢ ᠶᠢᠨ ᠲᠠᠷᠤᠭ᠎ᠠ ᠬᠠᠷᠢᠭᠤᠴᠠᠬᠤ ᠲᠦᠷᠢᠮ ᠢ ᠡᠬᠢᠯᠡᠨ ᠬᠡᠷᠡᠭᠵᠢᠬᠦᠯᠵᠦ᠂ ᠳᠤᠭ᠎ᠠ ᠪᠠᠷ ᠪᠤᠳᠣᠬᠤ ᠴᠠᠯᠢᠩ ᠤᠨ ᠳᠦᠷᠢᠮ ᠢ ᠲᠠᠬᠢᠨ ᠰᠡᠷᠭᠦᠭᠡᠪᠡ᠃      1981 ᠣᠨ᠄      1 ᠰᠠᠷ᠎ᠠ ᠶᠢᠨ 24 ᠤ ᠡᠳᠦᠷ᠂ ᠪᠦᠬᠦ ᠬᠤᠳᠠ ᠶᠢᠨ ᠬᠤᠳᠠ ᠶᠢᠨ ᠠᠷᠠᠳ ᠤᠨ ᠭᠦᠩᠱᠧ ᠶᠢ ᠬᠦᠴᠦᠨ ᠦᠭᠡᠢ ᠪᠤᠯᠭᠠᠵᠤ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠬᠡᠵᠦ ᠵᠠᠰᠠᠨ ᠦᠭᠡᠷᠡᠴᠢᠯᠡᠪᠡ᠃      2 ᠰᠠᠷ᠎ᠠ ᠶᠢᠨ 8 ᠤ ᠡᠳᠦᠷ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠰᠤᠬᠠᠶᠢᠲᠤ ᠨᠡᠭᠦᠷᠡᠰᠦᠨ ᠠᠭᠤᠷᠬᠠᠢ ᠶᠢᠨ ᠨᠢᠭᠡᠳᠦᠭᠡᠷ ᠨᠤᠮᠧᠷᠲᠤ ᠬᠤᠳᠳᠤᠭ ᠤᠨ ᠲᠦᠷᠪᠡᠳᠦᠭᠡᠷ ᠮᠠᠯᠳᠠᠬᠤ ᠤᠷᠤᠨ ᠳᠤ ᠭᠠᠯ ᠤᠨ ᠭᠠᠮᠰᠢᠭ ᠭᠠᠷᠴᠤ 21 ᠬᠦᠮᠦᠨ ᠦᠬᠦᠪᠡ᠃ ᠭᠠᠯ ᠤᠨᠳᠠᠷᠭᠠᠬᠤ ᠶᠠᠪᠤᠴᠠ ᠲᠤᠮᠳᠠ ᠲᠠᠬᠢᠨ ᠬᠤᠶᠠᠷ ᠤᠳᠠᠭ᠎ᠠ ᠠᠳᠡᠯ ᠭᠠᠷᠴᠦ 14 ᠬᠦᠮᠦᠨ ᠦᠬᠦᠪᠡ᠃ ᠠᠵᠤ ᠠᠬᠤᠢ ᠶᠢᠨ ᠰᠢᠭᠤᠳ ᠬᠤᠬᠢᠷᠠᠯ 38 ᠲᠦᠮᠡ ᠭᠠᠷᠤᠢ ᠬᠦᠷᠪᠡ᠃ ᠲᠦᠪ ᠬᠤᠷᠢᠶ᠎ᠠ ᠠᠴᠠ ᠡᠭᠴᠡ ᠨᠢᠰᠬᠡᠯ ᠲᠤᠮᠢᠯᠠᠵᠤ ᠳ᠋ᠠᠲ᠋ᠦ᠋ᠩ ᠤᠨ ᠨᠡᠭᠦᠷᠡᠰᠦᠨ ᠠᠭᠤᠷᠬᠠᠢ ᠶᠢᠨ ᠲᠦᠷᠭᠡᠨ ᠠᠪᠤᠷᠠᠬᠤ ᠠᠩᠭᠢ  ᠶᠢ ᠵᠦᠭᠡᠭᠡᠪᠦᠷᠢᠯᠡᠵᠦ ᠭᠠᠯ ᠤᠨᠳᠠᠷᠭᠠᠬᠤ ᠠᠵᠢᠯ ᠳᠤ ᠣᠷᠣᠯᠴᠠᠭᠤᠯᠪᠠ᠃      3 ᠰᠠᠷ᠎ᠠ ᠶᠢᠨ 28 ᠤ ᠡᠳᠦᠷ᠂ ᠦᠬᠠᠢ ᠬᠤᠳᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠮᠠᠷᠬᠡᠵᠢᠯ ᠤᠨ ᠠᠵᠢᠯᠴᠢᠠ ᠤ ᠰᠣᠷᠭᠠᠭᠤᠯᠢ᠂ ᠬᠤᠳᠠᠯᠳᠤᠭᠠᠡ ᠤ ᠮᠠᠷᠬᠡᠵᠢᠯ ᠤᠨ ᠠᠵᠢᠯᠴᠢᠠ ᠤ ᠰᠣᠷᠭᠠᠭᠤᠯᠢ᠂ ᠠᠵᠤ ᠦᠢᠯᠡᠳᠪᠦᠷᠢ  ᠶᠢᠨ ᠮᠠᠷᠬᠡᠵᠢᠯ ᠤᠨ ᠠᠵᠢᠯᠴᠢᠠ ᠤ ᠰᠣᠷᠭᠠᠭᠤᠯᠢ᠂ ᠵᠠᠮ ᠬᠠᠷᠢᠯᠴᠠᠭᠠᠨ ᠤ ᠮᠠᠷᠬᠡᠵᠢᠯ ᠤᠨ ᠠᠵᠢᠯᠴᠢᠠ ᠤ ᠰᠣᠷᠭᠠᠭᠤᠯᠢ᠂ ᠬᠦᠨᠭᠭᠡᠡ ᠭᠢᠮᠢ ᠶᠢᠨ ᠮᠠᠷᠬᠡᠵᠢᠯ ᠤᠨ ᠠᠵᠢᠯᠴᠢᠠ ᠤ ᠰᠣᠷᠭᠠᠭᠤᠯᠢ᠂ ᠡᠳ᠋ ᠪᠠᠷᠠᠭᠠᠡ ᠤ ᠬᠠᠮ‍‌ᠵᠶᠠᠷᠤᠯᠳᠡ ᠶᠢᠨ ᠮᠠᠷᠬᠡᠵᠢᠯ  ᠤᠨ ᠠᠵᠢᠯᠴᠢᠠ ᠤ ᠰᠣᠷᠭᠠᠭᠤᠯᠢ ᠪᠠᠶᠢᠭᠤᠯᠤᠭᠳᠠᠪᠠ᠃      4 ᠰᠠᠷ᠎ᠠ᠂ ᠱᠢ ᠱᠧᠩ ᠷᠦᠩ ᠤᠯᠠᠭᠠᠨᠴᠠᠪ ᠠᠶᠢᠮᠠᠭ ᠲᠤ ᠠᠵᠢᠯ ᠰᠢᠯᠵᠢᠵᠦ᠂ ᠬᠤᠸᠠᠩ ᠹᠧᠩ ᠴᠢ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶᠠᠨ ᠤ ᠱᠦᠵᠢ ᠶᠢᠨ ᠲᠤᠰᠢᠶᠠᠯ ᠡᠭᠦᠷᠭᠡᠯᠡᠵᠦ᠂ ᠼᠠᠢ ᠽᠢ ᠫᠢᠩ ᠦᠬᠠᠢ ᠬᠤᠳᠠ ᠶᠢᠨ ᠬᠤᠪᠢᠰᠬᠠᠯ ᠤᠨ ᠵᠦᠪᠯᠡᠯ ᠤᠨ ᠤᠷᠤᠯᠠᠭᠴᠢ ᠡᠷᠭᠢᠯᠡᠭᠴᠢ ᠶᠢᠨ ᠲᠤᠰᠢᠶᠠᠯ ᠡᠭᠦᠷᠭᠡᠯᠡᠪᠡ᠃      6 ᠰᠠᠷ᠎ᠠ ᠶᠢᠨ 8 ~ 14 ᠤ ᠡᠳᠦᠷ᠂ ᠬᠠᠶᠢᠨᠠᠨ ᠲᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠂ ᠬᠠᠶᠢᠨᠠᠨ ᠲᠤᠭᠤᠷᠢᠭ ᠤᠨ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠪᠠᠶᠢᠩᠭᠤ ᠶᠢᠨ ᠬᠤᠷᠢᠶᠠᠨ ᠤ ᠬᠡᠰᠢᠭᠦᠳ᠂ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠲᠠᠷᠤᠭ᠎ᠠ᠂ ᠲᠡᠳ᠋ ᠲᠤᠭᠤᠷᠢᠭ ᠤᠨ ᠲᠠᠷᠤᠭ᠎ᠠ᠂ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠪᠤᠯᠤᠨ ᠪᠠᠶᠢᠴᠠᠭᠠᠬᠤ ᠬᠤᠷᠢᠶᠠᠨ ᠤ ᠬᠤᠷᠢᠶᠠᠨ ᠲᠠᠷᠤᠭ᠎ᠠ ᠶᠢ ᠰᠤᠩᠭᠤᠭᠤᠯᠢ ᠪᠠᠷ ᠰᠣᠩᠭᠤᠨ ᠭᠠᠷᠭᠠᠪᠠ᠃ ᠵᠠᠩ ᠾᠦᠢ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠵᠤ᠂ ᠲᠦᠪᠰᠢᠨ ᠲᠤᠭᠤᠷᠢᠭ ᠤᠨ ᠲᠠᠷᠤᠭ᠎ᠠ ᠪᠠᠷ ᠰᠣᠩᠭᠤᠭᠳᠠᠪᠠ᠃      6 ᠰᠠᠷ᠎ᠠ ᠶᠢᠨ 14 ᠤ ᠡᠳᠦᠷ᠂ ᠬᠠᠶᠢᠷᠣᠪ ᠤᠨ ᠲᠤᠬᠤᠢ ᠣᠷᠣᠨ ᠤ ᠬᠠᠳᠠᠭᠤᠨ᠋ᠤᠰᠣ ~ ᠴᠠᠪᠴᠢᠷ ᠬᠦᠷᠬᠦ ᠴᠠᠬᠢᠯᠭᠠᠨ ᠬᠦᠷᠭᠡᠯᠲᠡ ᠶᠢᠨ ᠤᠲᠠᠰᠤ ᠲᠠᠰᠣᠷᠠᠵᠤ᠂ ᠴᠠᠪᠴᠢᠷ᠂ ᠴᠡᠭᠡᠯ ᠠᠭᠤᠯᠠ᠂ ᠵᠢᠶᠠᠨ ᠬᠦᠢ ᠵᠡᠷᠭᠡ ᠭᠠᠵᠠᠷ ᠤᠷᠤᠨ  ᠳᠤ 38 ᠴᠠᠭ 50 ᠮᠢᠨᠦ᠋ᠲ ᠤᠨ ᠴᠠᠬᠢᠯᠭᠠᠨ ᠵᠤᠭᠰᠣᠵᠤ᠂ ᠠᠵᠤ ᠠᠬᠤᠢ ᠶᠢᠨ ᠬᠤᠬᠢᠷᠠᠯ 45.9 ᠲᠦᠮᠡᠨ ᠲᠦᠭᠦᠷᠢᠭ ᠬᠦᠷᠪᠡ᠃      6 ᠰᠠᠷ᠎ᠠ ᠶᠢᠨ 16 ~ 22 ᠤᠨ ᠡᠳᠦᠷ᠂ ᠤᠳᠠ ᠲᠤᠭᠤᠷᠢᠭ ᠤᠨ ᠬᠤᠶᠠᠳᠣᠭᠠᠷ ᠬᠤᠭᠤᠴᠠᠭᠠᠨ ᠤ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠂ ᠤᠳᠠ ᠲᠤᠭᠤᠷᠢᠭ ᠤᠨ ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠪᠠᠶᠢᠩᠭᠤ ᠶᠢᠨ ᠬᠤᠷᠢᠶᠠᠨ ᠤ ᠬᠡᠰᠢᠭᠦᠳ᠂ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠲᠠᠷᠤᠭ᠎ᠠ᠂ ᠲᠡᠳ᠋ ᠲᠤᠭᠤᠷᠢᠭ ᠤᠨ ᠲᠠᠷᠤᠭ᠎ᠠ᠂ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠪᠤᠯᠤᠨ ᠪᠠᠶᠢᠴᠠᠭᠠᠬᠤ ᠬᠤᠷᠢᠶᠠᠨ ᠤ ᠬᠤᠷᠢᠶᠠᠨ ᠲᠠᠷᠤᠭ᠎ᠠ ᠶᠢ ᠰᠤᠩᠭᠤᠭᠤᠯᠢ ᠪᠠᠷ ᠰᠣᠩᠭᠤᠨ ᠭᠠᠷᠭᠠᠪᠠ᠃ ᠸᠠᠩ ᠽᠧ ᠭᠧᠩ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠵᠤ᠂ ᠡᠤ ᠵᠠᠨ ᠰᠢᠶᠠᠨ ᠲᠤᠭᠤᠷᠢᠭ  ᠤᠨ ᠲᠠᠷᠤᠭ᠎ᠠ ᠪᠠᠷ ᠰᠣᠩᠭᠤᠭᠳᠠᠪᠠ᠃      6 ᠰᠠᠷ᠎ᠠ ᠶᠢᠨ 19 ~ 26 ᠤ ᠡᠳᠦᠷ᠂ ᠬᠠᠶᠢᠷᠣᠪ ᠤᠨ ᠲᠤᠬᠤᠢ ᠲᠤᠭᠤᠷᠢᠭ ᠤᠨ ᠠᠩᠬᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠂ ᠬᠠᠶᠢᠷᠣᠪ ᠤᠨ ᠲᠤᠬᠤᠢ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠᠶᠢᠩᠭᠤ ᠶᠢᠨ ᠬᠤᠷᠢᠶᠠᠨ ᠤ ᠬᠡᠰᠢᠭᠦᠳ᠂ ᠠᠷᠠᠳ  ᠤᠨ ᠵᠠᠰᠠᠭ ᠤᠨ ᠣᠷᠳᠣᠨ ᠤ ᠲᠤᠭᠤᠷᠢᠭ ᠤᠨ ᠲᠠᠷᠤᠭ᠎ᠠ᠂ ᠲᠡᠳ᠋ ᠲᠤᠭᠤᠷᠢᠭ ᠤᠨ ᠲᠠᠷᠤᠭ᠎ᠠ᠂ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠪᠤᠯᠤᠨ ᠪᠠᠶᠢᠴᠠᠭᠠᠬᠤ ᠬᠤᠷᠢᠶᠠᠨ ᠤ ᠬᠤᠷᠢᠶᠠᠨ ᠲᠠᠷᠤᠭ᠎ᠠ ᠶᠢ ᠰᠤᠩᠭᠤᠭᠤᠯᠢ ᠪᠠᠷ ᠰᠣᠩᠭᠤᠨ ᠭᠠᠷᠭᠠᠪᠠ᠃ ᠶᠠᠩ ᠵᠠᠨ ᠷᠦᠩ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠵᠤ᠂ ᠯᠢ ᠭᠦᠢ ᠲᠢᠩ ᠲᠤᠭᠤᠷᠢᠭ ᠤᠨ ᠲᠠᠷᠤᠭ᠎ᠠ ᠪᠠᠷ ᠰᠣᠩᠭᠤᠭᠳᠠᠪᠠ᠃      7 ᠰᠠᠷ᠎ᠠ᠂ ᠬᠤᠸᠠᠩ ᠹᠧᠩ ᠴᠢ ᠦᠬᠠᠢ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠡᠭᠦᠷᠭᠡᠯᠡᠪᠡ᠃      8 ᠰᠠᠷ᠎ᠠ᠂ ᠦᠪᠦᠷ ᠮᠤᠩᠭᠤᠯ ᠤᠨ ᠨᠢᠭᠡᠳᠦᠭᠡᠷ ᠰᠠᠭᠤᠷᠢ ᠶᠡᠷᠦᠩᠭᠡᠶᠢᠯᠡᠭᠰᠡᠨ ᠮᠧᠬᠠᠨ᠋‍‌ᠵᠭ᠌ᠴ‍‌ᠵᠯᠠᠯᠳᠡ ᠶᠢᠨ ᠨᠡᠭᠦᠷᠡᠰᠦ ᠮᠠᠯᠳᠠᠬᠤ ᠴᠤᠭᠴᠠᠯᠠᠪᠤᠷᠢ ᠶᠢ ᠣᠳᠠ ᠶᠢᠨ ᠰᠣᠬᠠᠶᠢᠲᠤ ᠨᠡᠭᠦᠷᠡᠰᠤᠨ ᠠᠭᠤᠷᠬᠠᠢ ᠳᠤ ᠤᠭᠰᠠᠷᠠᠵᠤ᠂ ᠲᠣᠷᠰᠢᠨ ᠦᠢᠯᠡᠳᠪᠦᠷᠢᠯᠡᠭᠡᠳ ᠠᠮᠵᠢᠯᠳᠠ ᠤᠯᠪᠠ᠂ ᠡᠳᠦᠷ ᠤᠨ 1000 ᠲᠤᠨ ᠨᠡᠭᠦᠷᠡᠰᠦ ᠦᠢᠯᠡᠳᠪᠦᠷᠢᠯᠡᠨ᠎ᠡ᠃      9 ᠰᠠᠷ᠎ᠠ᠂ ᠬᠠᠶᠢᠨᠠᠨ ᠲᠤᠭᠤᠷᠢᠭ ᠤᠨ ᠦᠨᠳᠦᠰᠦᠳᠡᠨ ᠤ ᠪᠠᠭ᠎ᠠ ᠰᠣᠷᠭᠠᠭᠤᠯᠢ ᠪᠠᠶᠢᠭᠤᠯᠤᠭᠳᠠᠪᠠ᠃      ᠲᠤᠰ ᠰᠠᠷ᠎ᠠ᠂ ᠯᠤᠭᠰᠢᠳᠠᠷ ᠨᠡᠭᠦᠷᠡᠰᠦᠨ ᠠᠭᠤᠷᠬᠠᠢ ᠶᠢᠨ ᠵᠡᠭᠦᠨᠳᠡᠬᠢ ᠰᠠᠭᠤᠭᠠᠯᠢ ᠠᠷᠠᠳ ᠤᠨ ᠲᠤᠭᠤᠷᠢᠭ ᠲᠤ ᠨᠢᠭᠡᠨ ᠰᠠᠭᠤᠷᠢ ᠾᠦᠩᠨᠤ ᠶᠢᠨ ᠤᠩᠭᠤᠨ ᠢ ᠢᠯᠡᠷᠡᠭᠦᠯᠪᠡ᠃ ᠡᠨᠡᠬᠦ ᠤᠩᠭᠤᠨ ᠢ ᠨᠢᠭᠡᠨ ᠨᠠᠰᠣᠳᠠᠢ ᠠᠵᠢᠯᠴᠢᠨ ᠤᠰᠤᠨ ᠬᠤᠭᠤᠯᠠᠢ ᠶᠢᠨ ᠭᠤᠤ ᠮᠠᠯᠳᠠᠵᠤ ᠪᠠᠶᠢᠬᠤ ᠳᠠᠭᠠᠨ ᠢᠯᠡᠷᠡᠭᠦᠯᠦᠭᠰᠡᠨ ᠶᠤᠮ᠂ ᠬᠤᠶᠠᠷ ᠤᠬᠤᠷ ᠬᠦᠷᠡᠯ ᠰᠡᠯᠡᠮ᠎ᠡ ᠵᠢᠴᠢ ᠬᠦᠮᠦᠨ ᠤ ᠬᠤᠪᠴᠠᠰᠣ ᠬᠤᠨᠠᠷ ᠪᠤᠯᠤᠨ ᠮᠤᠷᠢᠨ ᠤ ᠬᠡᠷᠡᠭᠰᠡᠯ ᠪᠤᠯᠬᠤ ᠵᠠᠰᠠᠯ ᠤᠨ ᠭᠠᠷᠠᠬ᠎ᠠ ᠮᠠᠯᠳᠠᠵᠤ ᠤᠯᠪᠠ᠃      12 ᠰᠠᠷ᠎ᠠ ᠶᠢᠨ 13 ~ 24 ᠤ ᠡᠳᠦᠷ᠂ ᠤᠯᠤᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ ᠨᠢᠭᠡᠳᠦᠭᠡᠷ ᠬᠤᠭᠤᠴᠠᠭᠠᠨ ᠤ ᠭᠡᠰᠢᠭᠦᠳ ᠤᠨ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠣᠪᠠ᠂ ᠣᠯᠣᠰ ᠲᠦᠷᠦ ᠶᠢᠨ ᠵᠦᠪᠯᠡᠯᠭᠡᠨ ᠤ ᠦᠬᠠᠢ ᠬᠤᠳᠠ ᠶᠢᠨ ᠨᠢᠭᠡᠳᠦᠭᠡᠷ ᠬᠤᠭᠤᠴᠠᠭᠠᠨ ᠤ ᠭᠡᠰᠢᠭᠦᠳ ᠤᠨ ᠬᠤᠷᠠᠯ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ᠂ ᠪᠠᠶᠢᠩᠭᠤ ᠶᠢᠨ ᠭᠡᠰᠢᠬᠦᠨ ᠪᠤᠯᠤᠨ ᠨᠠᠷᠢᠨ ᠪᠢᠴᠢᠭ ᠤᠨ ᠲᠠᠷᠤᠭ᠎ᠠ ᠶᠢ ᠰᠣᠩᠭᠤᠭᠤᠯᠢ ᠪᠠᠷ ᠰᠤᠩᠭᠤᠨ ᠭᠠᠷᠭᠠᠪᠠ᠃ ᠵᠤᠤ ᠬᠤᠸᠠᠢ ᠪᠢᠨ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠪᠠᠷ ᠰᠣᠩᠭᠤᠭᠳᠠᠪᠠ᠃      12 ᠰᠠᠷ᠎ᠠ ᠶᠢᠨ 17 ~ 24 ᠤ ᠡᠳᠦᠷ᠂ ᠦᠬᠠᠢ ᠬᠤᠳᠠ ᠶᠢᠨ ᠠᠩᠬᠠᠳᠣᠭᠠᠷ ᠤᠳᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠣᠪᠠ᠃ ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠵᠢᠴᠢ ᠬᠤᠳᠠ ᠶᠢᠨ ᠵᠠᠰᠠᠭ ᠤᠨ ᠣᠷᠳᠣᠨ ᠤ ᠣᠯᠣᠰ ᠠᠷᠠᠳ ᠤᠨ ᠠᠵᠤ ᠠᠬᠤᠢ ᠶᠢᠨ ᠲᠥᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠦᠰᠦᠪ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠢᠯᠡᠳᠭᠡᠯ  ᠢ ᠰᠣᠨᠣᠰᠪᠠ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠭᠦᠳ᠂ ᠠᠷᠠᠳ ᠤᠨ ᠵᠠᠰᠠᠭ ᠣᠷᠳᠣᠨ ᠤ ᠬᠤᠳᠠ ᠶᠢᠨ ᠲᠠᠷᠤᠭ᠎ᠠ᠂ ᠲᠡᠳ᠋ ᠬᠤᠳᠠ ᠶᠢᠨ ᠲᠠᠷᠤᠭ᠎ᠠ᠂ ᠬᠤᠳᠠ ᠶᠢᠨ ᠲᠤᠮᠳᠠ ᠵᠡᠷᠭᠡ ᠶᠢᠨ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ  ᠤ ᠬᠤᠷᠢᠶᠠᠨ ᠲᠠᠷᠤᠭ᠎ᠠ ᠶᠢ ᠰᠣᠩᠭᠤᠭᠤᠯᠢ ᠪᠠᠷ ᠰᠣᠩᠭᠤᠨ ᠭᠠᠷᠭᠠᠪᠠ᠃ ᠴᠢᠶᠤᠤ ᠬᠦᠢ ᠵᠠᠩ ᠶᠢ ᠬᠤᠳᠠ ᠶᠢᠨ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ᠂ ᠼᠠᠢ ᠽᠢ ᠫᠢᠩ ᠶᠢ ᠬᠤᠳᠠ ᠶᠢᠨ ᠲᠠᠷᠤᠭ᠎ᠠ ᠪᠠᠷ᠂ ᠭᠦᠸᠧ ᠶᠢᠨ ᠪᠠᠩ ᠶᠢ ᠬᠤᠳᠠ ᠶᠢᠨ ᠲᠤᠮᠳᠠ ᠵᠡᠷᠭᠡ ᠶᠢᠨ ᠰᠢᠬᠦᠬᠦ ᠬᠤᠷᠢᠶᠠᠨ ᠤ ᠬᠤᠷᠢᠶᠠᠨ ᠲᠠᠷᠤᠭ᠎ᠠ ᠪᠠᠷ᠂ ᠰᠦᠨ ᠹᠧᠩ ᠯᠢᠨ ᠢ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠪᠠᠷ ᠲᠤᠰ ᠲᠤᠰ ᠰᠣᠩᠭᠤᠭᠳᠠᠪᠠ᠃      ᠲᠤᠰ ᠵᠢᠯ᠂ ᠬᠦᠬᠤᠰᠣ ᠶᠢᠨ ᠵᠠᠳᠠᠭᠠᠢ ᠨᠡᠭᠦᠷᠡᠰᠦᠨ ᠠᠭᠤᠷᠬᠠᠢ ᠪᠠᠶᠢᠭᠤᠯᠤᠭᠳᠠᠵᠤ ᠦᠢᠯᠡᠳᠪᠦᠷᠢᠯᠡᠯ ᠳᠤ ᠣᠷᠣᠪᠠ᠃      ▲ ᠬᠤᠳᠠ ᠶᠢᠨ ᠬᠤᠶᠠᠳᠣᠭᠠᠷ ᠡᠮᠨᠡᠯᠭᠡ ᠶᠢᠨ ᠬᠤᠷᠢᠶ᠎ᠠ ᠠᠴᠠ ᠨᠢᠭᠡᠨ ᠵᠠᠯᠠᠭᠤ ᠡᠮᠡᠭᠳᠡᠢ ᠶᠢᠨ ᠥᠨᠳᠡᠭᠡᠪᠴᠢ  ᠠᠴᠠ32 ᠵᠢᠩ ᠤᠨ ᠪᠡᠲᠡᠭᠢᠲᠦ ᠬᠠᠪᠤᠳᠠᠷ ᠢ ᠤᠭᠳᠣᠯᠣᠨ ᠠᠪᠤᠪᠠ᠃14 ᠡᠳᠦᠷ ᠤᠨ ᠲᠠᠷᠠᠭ᠎ᠠ ᠡᠷᠡᠭᠦᠯᠵᠢᠵᠦ ᠡᠮᠨᠡᠯᠭᠡ  ᠠᠴᠠ ᠭᠠᠷᠪᠠ᠃      1982 ᠤᠨ᠄      1 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠬᠤᠪᠢᠰᠬᠠᠯ ᠤᠨ ᠵᠦᠪᠯᠡᠯ ᠬᠡᠮᠡᠬᠦ ᠨᠡᠷᠡᠶᠢᠳᠦᠯ ᠢ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠡᠵᠦ ᠦᠭᠡᠷᠡᠴᠢᠯᠡᠪᠡ᠃      1 ᠰᠠᠷ᠎ᠠ ᠶᠢᠨ 19 ᠤ ᠡᠳᠦᠷ᠂ ᠤᠤᠯ ᠤᠨ ᠶᠡᠭᠡ ᠵᠤᠤ ᠠᠶᠢᠮᠠᠭ ᠤᠨ ᠬᠢᠮᠢ ᠶᠢᠨ ᠠᠵᠤ ᠦᠢᠯᠡᠳᠪᠦᠷᠢ ︵ᠷᠠᠰᠠᠩ ᠰᠦᠮ᠎ᠡ ᠬᠢᠮᠢ ᠶᠢᠨ ᠠᠵᠤ ᠦᠢᠯᠡᠳᠪᠦᠷᠢ︶ ᠶᠢ ᠦᠬᠠᠢ ᠬᠤᠳᠠ ᠳᠤ ᠬᠤᠪᠢᠶᠠᠷᠢᠯᠠᠨ ᠦᠭᠴᠦ᠂ ᠨᠡᠷᠡᠶᠢᠳᠦᠯ  ᠢᠶᠠᠨ ᠦᠬᠠᠢ ᠬᠤᠳᠠ ᠶᠢᠨ ᠬᠢᠮᠢ ᠶᠢᠨ ᠠᠵᠤ ᠦᠢᠯᠡᠳᠪᠦᠷᠢ ᠬᠡᠵᠦ ᠬᠠᠯᠠᠪᠠ᠃      3 ᠰᠠᠷ᠎ᠠ ᠶᠢᠨ 5 ᠤ ᠡᠳᠦᠷ᠂ ᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠲᠤᠳᠤᠷ ᠡᠮᠨᠠᠯᠭᠡ ᠶᠢᠨ ᠰᠠᠯᠠᠭ᠎ᠠ ᠠᠴᠠ ᠵᠢᠷᠦᠭᠡᠨ ᠤ ᠯᠤᠭᠰᠢᠯᠳᠠ11 ᠮᠢᠨᠦ᠋ᠲ ᠵᠤᠭᠰᠣᠭᠰᠠᠨ ᠡᠪᠡᠳᠴᠢᠳᠡᠨ ᠢ ᠠᠮᠵᠢᠯᠳᠠ ᠲᠠᠢ ᠪᠠᠷ ᠠᠪᠤᠷᠠᠪᠠ᠃      5 ᠰᠠᠷ᠎ᠠ ᠶᠢᠨ 28 ᠤ ᠡᠳᠦᠷ᠂ ᠶᠠᠫᠤᠨ ᠤ10 ᠭᠠᠷᠣᠢ ᠴᠢᠯᠠᠭᠤᠨ ᠲᠤᠰᠣᠨ ᠤ ᠭᠠᠵᠠᠷ ᠰᠢᠨᠵᠢᠯᠡᠭᠡᠨ ᠤ ᠡᠷᠳᠡᠮᠳᠡᠨ ᠦᠬᠠᠢ ᠬᠤᠳᠠ ᠳᠤ ᠢᠷᠡᠵᠦ ᠭᠠᠵᠠᠷ ᠰᠢᠨᠵᠢᠯᠡᠬᠡᠨ ᠤ ᠣᠭᠲᠣᠯᠣᠭᠠᠰᠣ ᠶᠢ ᠪᠠᠶᠢᠴᠠᠭᠠᠪᠠ᠃      10 ᠰᠠᠷ᠎ᠠ ᠶᠢᠨ15 ᠤ ᠡᠳᠦᠷ᠂ ᠬᠤᠳᠠ ᠶᠢᠨ ᠪᠠᠯᠪᠠᠰᠤᠡ ᠤ‍‌ᠵᠷᠤᠭᠡᠰᠤᠡ ᠵᠡᠮᠳᠡᠭᠴᠦᠳ ᠤᠨ ᠨᠠᠶᠢᠭᠡᠮ ᠤᠨ ᠲᠠᠤᠠᠬᠦᠮᠵᠢ ᠶᠢᠨ ᠬᠦᠷ‍‌ᠵᠶᠠᠯᠠᠩ ᠪᠠᠶᠢᠭᠤᠯᠤᠭᠳᠠᠪᠠ᠃      ᠲᠤᠰ ᠰᠠᠷ᠎ᠠ᠂ ᠦᠬᠠᠢ ᠬᠤᠳᠠ ᠶᠢᠨ ᠭᠠᠵᠠᠷ ᠤᠨ ᠨᠡᠷᠡᠰ ᠤᠨ ᠨᠡᠶᠢᠳᠡᠮ ᠪᠠᠶᠢᠴᠠᠭᠠᠯᠳᠠ ᠶᠢᠨ ᠠᠵᠢᠯ ᠪᠦᠬᠦ ᠲᠠᠯ᠎ᠠ ᠪᠠᠷ ᠡᠬᠢᠯᠡᠪᠡ᠃      11 ᠰᠠᠷ᠎ᠠ ᠶᠢᠨ 10 ᠤ ᠡᠳᠦᠷ᠂ ᠤᠳᠠ ᠲᠤᠭᠤᠷᠢᠭ ᠤᠨ ᠦᠨᠳᠦᠰᠦᠳᠡᠨ ᠤᠨ ᠪᠠᠭ᠎ᠠ ᠰᠣᠷᠭᠠᠭᠤᠯᠢ ᠪᠠᠶᠢᠭᠤᠯᠤᠭᠳᠠᠪᠠ᠃      11 ᠰᠠᠷ᠎ᠠ ᠶᠢᠨ 30 ᠤ ᠡᠳᠦᠷ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠮ  ᠤᠨ ᠬᠤᠷᠢᠶ᠎ᠠ ᠠᠴᠠ 164 ᠨᠡᠷᠡᠰ ᠲᠡᠳ᠋ ᠭᠠᠵᠠᠷ ᠤᠨ ᠲᠡᠰ ᠠᠴᠠ ᠲᠡᠭᠡᠭᠰᠢᠬᠢ ᠤᠳᠤᠷᠢᠳᠬᠤ ᠺᠠᠳᠠᠷ ᠤᠨ ᠣᠷᠣᠨ ᠰᠠᠭᠤᠴᠠ ᠳᠤ ᠪᠠᠶᠢᠴᠠᠭᠠᠯᠳᠠ ᠬᠢᠵᠦ᠂ ᠭᠡᠷ ᠪᠠᠷᠢᠬᠤ᠂ ᠭᠡᠷ ᠬᠤᠪᠢᠶᠠᠬᠤ᠂ ᠤᠷᠤᠨ ᠰᠠᠭᠤᠴᠠ ᠶᠢᠨ ᠲᠠᠯ᠎ᠠ ᠪᠠᠷ ᠰᠠᠬᠢᠯᠭ᠎ᠠ ᠪᠠᠲᠤ ᠶᠢ ᠬᠦᠨᠲᠦ ᠨᠦᠴᠢᠳᠡᠢ ᠵᠥᠷᠢᠴᠡᠭᠰᠡᠨ ᠨᠠᠮ ᠤᠨ ᠬᠡᠰᠢᠬᠦᠨ ᠺᠠᠳᠠᠷ ᠲᠤ ᠰᠢᠳᠭᠡᠯ ᠣᠯᠭᠤᠪᠠ᠃      12 ᠰᠠᠷ᠎ᠠ᠂ ᠬᠠᠶᠢᠷᠣᠪ ᠤᠨ ᠲᠤᠬᠤᠢ ᠲᠡᠷᠭᠡᠨ ᠦᠷᠳᠡᠭᠡ~ ᠬᠤᠳᠠ ᠶᠢᠨ ᠠᠮᠤ ᠪᠤᠳᠠᠭᠠᠨ ᠤ ᠶᠡᠷᠦᠩᠬᠡᠢ ᠬᠦᠮᠦᠷᠭᠡ ᠶᠢᠨ ᠲᠤᠰᠬᠠᠢ ᠲᠡᠮᠦᠷ ᠵᠠᠮ ᠤᠨ ᠱᠤᠭᠤᠮ ᠪᠠᠶᠢᠭᠤᠯᠤᠭᠳᠠᠵᠤ ᠠᠰᠢᠭᠯᠠᠯᠳᠠ ᠳᠤ ᠣᠷᠣᠪᠠ᠃      ᠲᠤᠰ ᠵᠢᠯ᠂ ᠤᠳᠠ ᠶᠢᠨ ᠠᠭᠤᠷᠬᠠᠢ ᠶᠠᠪᠤᠳᠠᠯ ᠤᠨ ᠲᠤᠪᠴᠢᠶ᠎ᠠ ᠠᠴᠠ 90 ᠲᠦᠮᠡᠨ ᠲᠤᠨ ᠨᠡᠭᠦᠷᠡᠰᠦ ᠤᠬᠢᠶᠠᠬᠤ ᠴᠢᠳᠠᠮᠵᠢ ᠲᠠᠢ ᠲᠣᠮᠣ ᠬᠡᠯᠪᠡᠷᠢ ᠶᠢᠨ ᠤᠳᠤᠬᠢᠴᠢᠯᠠᠭᠰᠠᠨ ᠨᠡᠭᠦᠷᠡᠰᠦ ᠤᠬᠢᠶᠠᠬᠤ ᠦᠢᠯᠡᠳᠪᠦᠷᠢ ᠶᠢ ᠰᠣᠬᠠᠶᠢᠲᠤ ᠨᠡᠭᠦᠷᠡᠰᠦᠨ ᠠᠭᠤᠷᠬᠠᠢ ᠳᠤ ᠡᠬᠢᠯᠡᠵᠦ ᠪᠠᠶᠢᠭᠤᠯᠪᠠ᠃      ▲ ᠪᠦᠬᠦ ᠬᠤᠳᠠ ᠶᠢᠨ ᠠᠵᠤ ᠦᠢᠯᠡᠳᠪᠦᠷᠢ ᠵᠠᠮ ᠬᠠᠷᠢᠯᠴᠠᠭ᠎ᠠ ᠪᠤᠯᠤᠨ ᠬᠤᠳᠠᠯᠳᠤᠭ᠎ᠠ ᠠᠵᠤ ᠠᠬᠤᠶᠢᠯᠠᠯ ᠡᠯ᠎ᠡ ᠵᠦᠢᠯ ᠤᠨ ᠠᠵᠤ ᠠᠬᠤᠢ ᠶᠢᠨ ᠬᠠᠷ‍‌ᠵᠭᠤᠴᠠᠯᠭ᠎ᠠ ᠶᠢᠨ ᠲᠦᠷ‍‌ᠵᠮ ᠢ ᠡᠬᠢᠯᠡᠨ ᠬᠡᠷᠡᠭᠵᠢᠭᠦᠯᠪᠡ᠃      ▲ ᠣᠯᠣᠰ ᠠᠴᠠ ᠡᠷᠬᠢᠯᠡᠭᠰᠡᠨ ᠢᠳᠡᠰᠢᠨ ᠨᠤᠭᠤᠭᠠᠨ ᠤ ᠲᠠᠡᠷᠢᠶᠠᠯᠠᠩ ᠤᠨ ᠲᠠᠯᠠᠪᠠᠢ ᠶᠢᠨ ᠪᠦᠯᠦᠭ ᠤ‍‌ᠵ‍‌ᠵᠯᠠᠤᠠᠪᠤᠷ‍‌ᠵᠯᠠᠯ ᠤᠨ ᠪᠠᠷ‍‌ᠵᠭᠠᠳᠡ ᠳᠤ ᠬᠤᠷᠢᠶᠠᠯᠳᠠ ᠶᠢ ᠡᠷᠣᠬᠡ ᠳᠤ ᠳᠠᠭᠠᠭᠠᠴᠢᠯᠠᠭᠤᠯᠬᠤ ᠬᠠᠷ‍‌ᠵᠭᠤᠴᠠᠯᠭ᠎ᠠ ᠶᠢᠨ ᠲᠦᠷ‍‌ᠵᠮ ᠢ ᠲᠤᠷᠰᠢᠨ ᠬᠡᠷᠡᠭᠵᠢᠭᠦᠯᠪᠡ᠃      1983 ᠣᠨ᠄      1 ᠰᠠᠷ᠎ᠠ ᠶᠢᠨ 8 ᠤ ᠡᠳᠦᠷ᠂ ᠦᠬᠠᠢ ᠬᠤᠳᠠ ᠶᠢᠨ ᠠᠯᠪᠠᠡ ᠭᠡᠷᠠᠴ‍‌ᠵᠯᠡᠭᠡ ᠶᠢᠨ ᠭᠠᠵᠠᠷ ᠪᠠᠶᠢᠭᠤᠯᠤᠭᠳᠠᠪᠠ᠂ ᠤᠯᠤᠰ ᠤᠨ ᠲᠤᠲᠤᠭᠠᠲᠤ ᠶᠢᠨ ᠠᠵᠤ ᠠᠬᠤᠢ ᠶᠢᠨ ᠬᠡᠷ᠎ᠡ ᠪᠢᠴᠢᠭ᠂ ᠤ‍‌ᠵᠷᠠᠴ‍‌ᠵᠯᠠᠵᠤ ᠲᠠᠵ‍‌ᠵᠭᠡᠬᠦ᠂ ᠤ‍‌ᠵᠪ ᠵᠠᠯᠭᠠᠮᠵ‍‌ᠵᠯᠠᠬᠤ ᠵᠡᠷᠭᠡ ᠲᠦᠷᠦᠯ ᠵᠦᠢᠯᠡᠰ ᠤᠨ ᠠᠯᠪᠠᠨ ᠬᠡᠷᠡᠴᠢᠯᠡᠭᠡ ᠶᠢᠨ ᠠᠵᠢᠯ ᠢ ᠡᠬᠢᠯᠡᠨ ᠡᠷᠬᠢᠯᠡᠪᠡ᠃      ᠲᠤᠰ ᠰᠠᠷ᠎ᠠ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠨᠡᠭᠦᠷᠡᠰᠦᠨ ᠠᠭᠤᠷᠬᠠᠢ ᠶᠢᠨ ᠠᠵᠢᠯᠴᠢᠨ ᠤ ᠴᠠᠭᠢᠭᠤᠷᠳᠤ ᠠᠭᠤᠰᠭᠢᠡ ᠡᠪᠠᠤᠠᠴ‍‌ᠵᠡ ᠤ ᠰᠤᠪᠢᠯᠠᠯᠳᠡ ᠶᠢᠨ ᠬᠤᠷ‍‌ᠵᠶ᠎ᠡ ᠶᠢ ᠡᠭᠢᠯᠡᠨ ᠪᠠᠶᠢᠭᠤᠯᠪᠠ᠃ ᠪᠠᠷᠢᠯᠭ᠎ᠠ ᠶᠢᠨ ᠲᠠᠯᠠᠪᠠᠢ 7000 ᠲᠡᠭᠰᠢ ᠲᠦᠷᠪᠡᠯᠵᠢᠨ ᠮᠧᠲᠷ ᠪᠤᠯᠤᠨ᠎ᠠ᠃      3 ᠰᠠᠷ᠎ᠠ᠂ ᠦᠪᠦᠷ ᠮᠤᠩᠭᠤᠯ ᠤᠨ ᠬᠤᠶᠠᠳᠣᠭᠠᠷ ᠨᠠᠶᠢᠳᠠᠮ ᠭᠡᠷᠡᠭᠴᠠᠭᠡᠡ ᠤ ᠮᠠᠰ‍‌ᠵᠡ ᠤ ᠤ‍‌ᠵ‍‌ᠵᠯᠠᠤᠠᠪᠤᠷᠢ ︽ᠲᠢᠶᠠᠨ ᠮᠠ ᠲᠡᠮᠳᠡᠭᠲᠤ︾ ᠬᠤᠪᠴᠠᠰᠣ ᠤᠬᠢᠶᠠᠬᠤ ᠮᠠᠰᠢᠨ ᠢ ᠲᠤᠷᠰᠢᠨ ᠦᠢᠯᠡᠳᠴᠦ ᠭᠠᠷᠭᠠᠪᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤ‍‌ᠵ‍‌ᠵᠯᠠᠤᠠᠬᠦᠡ ᠤ ᠶᠠᠰᠤ ᠴ‍‌ᠵᠨᠠᠷ ᠳᠤ ᠭᠢᠨᠠᠯᠳᠡ ᠲᠠᠯᠪᠢᠵᠤ ᠰ‍‌ᠵᠯᠭᠠᠡ ᠪᠠᠶᠢᠴᠠᠭᠠᠬᠤ ᠭᠠᠵᠠᠷ ᠠᠴᠠ ᠰᠢᠯᠭᠠᠯᠳᠠ ᠬᠢᠵᠦ᠂ ᠦᠪᠦᠷ ᠮᠤᠩᠭᠤᠯ ᠤᠨ ᠳᠦᠯᠣᠪᠯᠠᠬᠡᠠ ᠤ ᠵᠦᠪᠯᠠᠯ ᠠᠴᠠ ᠪᠦᠭᠡᠮ ᠢᠶᠠᠷ ᠦᠢᠯᠡᠳᠪᠦᠷᠢᠯᠡᠬᠦ ᠶᠢ ᠵᠦᠪᠰᠢᠶᠡᠷᠡᠵᠦ᠂ ᠤᠷᠤᠨ ᠤ ᠳᠣᠲᠣᠭᠠᠲᠤ ᠭᠠᠳᠠᠭᠠᠲᠤ ᠶᠢᠨ ᠬᠡᠳᠦᠨ ᠮᠤᠵᠢ ᠤᠷᠤᠨ ᠳᠤ ᠪᠤᠷᠤᠯᠠᠭᠤᠯᠤᠭᠳᠠᠪᠠ᠃      6 ᠰᠠᠷ᠎ᠠ᠂ ᠲᠦᠪ ᠬᠤᠷᠢᠶᠠᠨ ᠤ ᠺᠠᠳᠠᠷ ᠤᠨ ︽ᠲᠦᠷᠪᠡᠨ ‍ᠵᠢᠬᠤ ︵‍ᠵᠢᠬᠦ︶︾ ︵ᠬᠤᠪᠢᠰᠬᠠᠯᠵᠢᠬᠤ᠂ ᠵᠠᠯᠠᠭᠤᠵᠢᠬᠤ᠂ ᠮᠡᠳᠡᠯᠭᠡᠵᠢᠬᠦ᠂ ᠲᠤᠰᠬᠠᠶᠢᠵᠢᠬᠤ︶ ᠱᠠᠭᠠᠷᠳᠠᠯᠭ᠎ᠠ ᠶᠢᠨ ᠶᠤᠰᠤᠭᠠᠷ᠂ ᠬᠤᠳᠠ ᠶᠢᠨ ᠵᠠᠰᠠᠭ ᠤᠨ ᠣᠷᠳᠣᠨ ᠤ ᠬᠤᠳᠠ ᠶᠢᠨ ᠲᠠᠷᠤᠭ᠎ᠠ ᠼᠠᠢ ᠽᠢ ᠫᠢᠩ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠴᠢᠶᠤᠤ ᠬᠦᠢ ᠵᠠᠩ᠂ ᠬᠤᠳᠠ ᠶᠢᠨ ᠣᠯᠣᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠵᠤᠤ ᠬᠤᠸᠠᠢ ᠪᠢᠨ ᠵᠡᠷᠭᠡ ᠨᠢᠬᠡ ᠪᠦᠯᠦᠭ ᠠᠬᠠᠮᠠᠳ ᠺᠠᠲᠠᠷ ᠲᠤᠯᠤᠭᠠᠶᠢᠯᠠᠨ ᠠᠵᠢᠯ ᠠᠴᠠ ᠠᠮᠠᠷᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠭᠤᠤ ᠱᠸᠤ ᠶᠤᠤ ᠶᠢ ᠲᠤᠮᠲᠠᠲᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠤᠷᠢᠶᠠᠨ ᠤ ᠲᠡᠳ᠋ ᠱᠦᠵᠢ ᠪᠠᠷ ᠲᠤᠮᠢᠯᠠᠵᠤ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠭᠤᠤ ᠱᠸᠤ ᠶᠤᠤ ᠶᠢ ᠤᠷᠤᠯᠠᠭᠴᠢ ᠬᠤᠳᠠ ᠶᠢᠨ ᠲᠠᠷᠤᠭ᠎ᠠ ᠪᠠᠷ ᠲᠤᠮᠢᠯᠠᠪᠠ᠃      ▲ᠦᠪᠦᠷ ᠮᠤᠩᠭᠤᠯ ᠤᠨ ᠨᠢᠭᠡᠳᠦᠭᠡᠷ ᠨᠠᠶᠢᠳᠠᠮ ᠭᠡᠷᠡᠭᠴᠠᠭᠡᠡ ᠤ ᠮᠠᠰ‍‌ᠵᠡ ᠤ ᠤ‍‌ᠵ‍‌ᠵᠯᠠᠤᠠᠪᠤᠷᠢ ᠬᠢᠭᠡᠳ ︽654︾  ᠶᠢᠨ ᠭᠡᠳᠦᠨ ᠦᠢᠯᠡᠳᠪᠦᠷᠢ ᠲᠠᠢ ᠬᠠᠮᠲᠤᠷᠠᠨ ᠬᠤᠪᠴᠠᠰᠣ ᠤᠶᠤᠬᠤ ᠮᠠᠰᠢᠨ ᠢ ᠲᠤᠷᠰᠢᠨ ᠦᠢᠯᠡᠳᠦᠨ ᠭᠠᠷᠭᠠᠵᠤ᠂ ᠤᠯᠤᠰ ᠤᠨ ᠬᠢᠨᠠᠨ ᠲᠤᠭᠳᠠᠭᠠᠯ ᠢ ᠲᠠᠮᠵᠢᠪᠠ᠂ ᠶᠠᠰᠣ ᠴᠢᠨᠠᠷ ᠨᠢ ᠬᠦᠩᠭᠡᠨ ᠠᠵᠤ ᠦᠢᠯᠡᠳᠪᠦᠷᠢ ᠶᠢᠨ ᠶᠠᠮᠤᠨ ᠤ ᠨᠢᠭᠡᠳᠦᠭᠡᠷ ᠲᠡᠰ ᠤᠨ ᠪᠠᠷᠢᠮᠵᠢᠶ᠎ᠡ ᠳᠤ ᠬᠦᠷᠴᠦ᠂ ᠪᠦᠭᠡᠮ ᠢᠶᠠᠷ ᠦᠢᠯᠡᠳᠪᠦᠷᠢᠯᠡᠪᠡ᠃      7 ᠰᠠᠷ᠎ᠠ ᠶᠢᠨ 10 ᠤ ᠡᠳᠦᠷ᠂ ᠶᠡᠷᠦᠩᠭᠡᠢ ᠲᠠᠯᠠᠪᠠᠢ ᠨᠢ 5120 ᠲᠡᠭᠰᠢ ᠲᠦᠷᠪᠡᠯᠵᠢᠨ ᠮᠧᠲᠷ ᠤᠨ ᠦᠬᠠᠢ ᠪᠠᠭᠤᠳᠠᠯ ᠪᠠᠶᠢᠭᠤᠯᠤᠭᠳᠠᠨ ᠵᠤᠴᠢᠨ ᠤᠭᠲᠤᠪᠠ᠃      7 ᠰᠠᠷ᠎ᠠ ᠶᠢᠨ 23 ᠤ ᠡᠳᠦᠷ᠂ ᠦᠬᠠᠢ ᠬᠤᠳᠠ ᠶᠢᠨ ᠵᠠᠰᠠᠭ ᠤᠨ ᠣᠷᠳᠤᠨ ᠠᠴᠠ ᠬᠤᠳᠠ ᠶᠢᠨ ᠡᠷᠡᠭᠦᠯ ᠬᠠᠮᠠᠭᠠᠯᠠᠯ ᠤᠨ ᠲᠤᠪᠴᠢᠶᠠᠨ ᠤ ︽ᠦᠬᠠᠢ ᠬᠤᠳᠠ ᠶᠢᠨ ᠬᠤᠪᠢ ᠬᠦᠮᠦᠨ ᠡᠷᠭᠢᠯᠡᠵᠦ ᠡᠮᠴᠢᠯᠡᠬᠦ ᠬᠠᠮᠢᠶᠠᠷᠣᠯᠳᠠ ᠶᠢᠨ ᠲᠤᠬᠠᠢ ᠬᠡᠷᠡᠭᠵᠢᠭᠦᠯᠬᠦ ᠨᠠᠷᠢᠨ ᠲᠦᠷᠢᠮ ︵ᠲᠤᠷᠰᠢᠨ ᠬᠡᠷᠡᠭᠵᠢᠭᠦᠯᠬᠦ︶ ᠢ ᠲᠠᠷᠬᠠᠭᠠᠬᠤ ᠮᠡᠳᠡᠭᠦᠯᠦᠯᠳᠡ︾ ᠶᠢ ᠵᠦᠪᠰᠢᠶᠡᠷᠡᠵᠦ᠂ ᠬᠤᠪᠢ ᠶᠢᠨ ᠡᠮᠴᠢ ᠡᠮᠴᠢᠯᠡᠵᠦ ᠪᠤᠯᠬᠤ ᠶᠢ ᠵᠦᠪᠰᠢᠶᠡᠷᠡᠪᠡ᠃      ᠲᠤᠰ ᠰᠠᠷ᠎ᠠ᠂ ᠬᠤᠳᠠ ᠶᠢᠨ ᠤᠯᠤᠰ ᠤᠨ ᠠᠵᠤ ᠠᠬᠤᠶᠢᠯᠠᠯ ᠳᠤ ᠠᠰᠢᠭ ᠣᠯᠵᠠᠪᠤᠷᠢ ᠶᠢ ᠭᠠᠶᠢᠯᠢ ᠪᠠᠷ ᠣᠷᠣᠯᠠᠭᠤᠯᠬᠤ ᠶᠢ ᠬᠡᠷᠡᠭᠵᠢᠭᠦᠯᠪᠡ᠃      8 ᠰᠠᠷ᠎ᠠ᠂ ᠪᠦᠬᠦ ᠬᠤᠳᠠ ᠳᠤ ᠨᠡᠶᠢᠭᠡᠮ ᠤᠨ ᠠᠮᠤᠷ ᠲᠦᠪᠰᠢᠨ ᠳᠤ ᠬᠦᠨᠲᠤ ᠨᠦᠴᠢᠳᠡᠢ ᠬᠤᠤᠷ ᠬᠦᠨᠦᠭᠡᠯ ᠦᠵᠡᠭᠦᠯᠦᠭᠰᠡᠨ ᠶᠡᠯᠡᠲᠤ ᠡᠳᠡᠭᠡᠳ ᠲᠤ ᠴᠤᠬᠢᠯᠳᠠ ᠦᠭᠬᠦ ᠲᠡᠮᠡᠴᠡᠯ ᠶᠠᠪᠤᠭᠤᠯᠪᠠ᠃ ᠭᠤᠤᠯᠳᠠᠭᠤ ᠬᠤᠪᠢᠰᠬᠠᠯ ᠤᠨ ᠡᠰᠡᠷᠭᠦᠦ ᠳᠤ ᠴᠤᠬᠢᠯᠳᠠ ᠦᠭᠬᠦ᠂ ᠤᠳᠤᠬᠢ ᠬᠦᠮᠦᠨ ᠠᠯᠠᠭᠰᠠᠨ ᠶᠠᠯᠠᠳᠠᠨ᠂ ᠳᠣᠨᠣᠬᠰᠠᠠ ᠶᠠᠯᠠᠳᠠᠠ᠂ ᠨᠦᠵᠢᠣᠠᠯᠡᠭᠰᠠᠠ ᠶᠠᠯᠠᠳᠠᠠ᠂ ᠭᠠᠯ ᠲᠠᠯᠪᠢᠭᠰᠠᠨ ᠶᠠᠯᠠᠳᠠᠨ᠂ ᠲᠡᠯᠪᠡᠴᠡᠭᠰᠡᠨ ᠶᠠᠯᠠᠳᠠᠨ ᠬᠢᠭᠡᠳ ᠪᠤᠰᠣᠳ ᠨᠡᠶᠢᠭᠡᠮ ᠤᠨ ᠠᠮᠤᠷ ᠲᠦᠪᠰᠢᠨ  ᠳᠤ ᠬᠦᠨᠲᠤ ᠨᠦᠴᠢᠳᠡᠢ ᠬᠤᠤᠷ ᠬᠦᠨᠦᠭᠡᠯ ᠦᠵᠡᠭᠦᠯᠦᠭᠰᠡᠨ ᠶᠡᠯᠡᠲᠤ ᠡᠳᠡᠭᠡᠳ ᠲᠤ ᠬᠦᠨᠲᠤ ᠴᠤᠬᠢᠯᠳᠠ ᠦᠭᠪᠡ᠃      ᠲᠤᠰ ᠰᠠᠷ᠎ᠠ᠂ ᠬᠤᠳᠠ ᠶᠢᠨ ᠴᠠᠭᠢᠯᠭᠠᠡ ᠮᠠᠰ‍‌ᠵᠡ ᠤ ᠤ‍‌ᠵ‍‌ᠵᠯᠠᠤᠠᠪᠤᠷᠢ ︽ᠦᠷᠣᠮᠳᠠᠬᠦᠷ ᠤᠨ ᠪᠠᠷᠢᠭᠤᠯ ᠦᠭᠡᠢ ᠡᠷᠬᠢᠯᠳᠦᠬᠦ ᠬᠤᠳᠳᠤᠭ ᠮᠠᠯᠳᠠᠬᠤ ᠮᠠᠰᠢᠨ︾ ᠢ ᠲᠤᠷᠰᠢᠨ ᠦᠢᠯᠡᠳᠦᠨ ᠭᠠᠷᠭᠠᠪᠠ᠃      9 ᠰᠠᠷ᠎ᠠ ᠶᠢᠨ 1 ᠤ ᠡᠳᠦᠷ᠂ ᠦᠬᠠᠢ ᠬᠤᠳᠠ ᠶᠢᠨ ᠠᠵ‍‌ᠵᠯ ᠮᠠᠷᠭᠡᠵ‍‌ᠵᠯ ᠤᠨ ᠤ‍‌ᠵᠠᠳᠤᠷ ᠵᠠᠷᠭᠡ ᠶᠢᠨ ᠲᠤᠮᠳᠠᠳᠤ ᠰᠤᠷᠭᠠᠭᠤᠯᠢ ᠪᠠᠶᠢᠭᠤᠯᠤᠭᠳᠠᠪᠠ᠃      ᠲᠤᠰ ᠰᠠᠷ᠎ᠠ᠂ ᠦᠪᠦᠷ ᠮᠤᠩᠭᠤᠯ ᠤᠨ ᠴᠠᠬᠢᠯᠭᠠᠨ ᠱᠠᠳᠣᠨ ᠤ ᠦᠢᠯᠡᠳᠪᠦᠷᠢ ᠠᠴᠠ ᠲᠤᠷᠰᠢᠨ ᠦᠢᠯᠡᠳᠪᠦᠷᠢᠯᠡᠭᠰᠡᠨ ᠬᠤᠪᠢᠰᠣᠮᠠᠯ ᠬᠤᠤᠰ ᠲᠤᠭᠲᠠᠭᠠᠯᠲᠤ ᠴᠠᠬᠢᠯᠭᠠᠨ ᠱᠠᠲᠤ ᠨᠢ ᠦᠪᠡᠷᠳᠡᠭᠡᠨ ᠵᠠᠰᠠᠬᠤ ᠤᠷᠤᠨ ᠤ ᠪᠦᠲᠦᠭᠡᠭᠳᠡᠬᠦᠨ ᠢ ᠬᠢᠨᠠᠨ ᠲᠤᠭᠳᠠᠭᠠᠬᠤ ᠵᠦᠪᠯᠡᠯ ᠤᠨ ᠬᠢᠨᠠᠨ ᠲᠤᠭᠳᠠᠭᠠᠯ ᠢ ᠲᠠᠮᠵᠢᠵᠤ᠂ ᠡᠬᠢᠯᠡᠨ ᠪᠦᠭᠡᠮ ᠢᠶᠠᠷ ᠦᠢᠯᠡᠳᠪᠦᠷᠢᠯᠡᠪᠡ᠃      12 ᠰᠠᠷ᠎ᠠ ᠶᠢᠨ 27 ᠤ ᠡᠳᠦᠷ᠂ ᠤᠳᠠ ᠶᠢᠨ ᠴᠠᠬᠢᠯᠭᠠᠨ ᠦᠢᠯᠡᠳᠪᠦᠷᠢ ᠶᠢᠨ ᠭᠤᠷᠪᠠᠳᠣᠭᠠᠷ ᠴᠤᠭᠴᠠᠯᠠᠪᠤᠷᠢ ᠦᠢᠯᠡᠳᠪᠦᠷᠢᠯᠡᠯ ᠳᠤ ᠤᠷᠤᠪᠠ᠃      ᠲᠤᠰ ᠰᠠᠷ᠎ᠠ᠂ ᠯᠤᠭᠰᠢᠳᠠᠷ ᠨᠡᠭᠦᠷᠡᠰᠦᠨ ᠠᠭᠤᠷᠬᠠᠢ ᠶᠢᠨ ᠵᠦᠭᠡᠭᠡᠪᠤᠷᠢ ᠶᠢᠨ ᠨᠢᠭᠡᠳᠦᠭᠡᠷ ᠠᠩᠬᠢ ᠠᠴᠠ ᠬᠦᠮᠦᠨ  ᠢ ᠣᠷᠣᠯᠠᠵᠤ ᠠᠭᠤᠷᠬᠠᠢ ᠶᠢᠨ ᠲᠡᠷᠭᠡᠨ ᠤ ᠢᠷᠤᠭᠠᠯ ᠤᠨ ᠨᠡᠭᠦᠷᠡᠰᠦ ᠶᠢ ᠠᠷᠢᠯᠭᠠᠵᠤ ᠴᠢᠳᠠᠬᠤ ᠰᠢᠩᠭᠡᠨ ᠲᠠᠷᠣᠴᠠᠲᠤ ᠠᠦ᠋ᠲ᠋ᠤ᠋ ᠲᠡᠷᠭᠡ ᠠᠷᠢᠯᠭᠠᠬᠤ ᠮᠠᠰᠢᠨ ᠢ ᠲᠤᠷᠰᠢᠨ ᠦᠢᠯᠡᠳᠦᠨ ᠭᠠᠷᠭᠠᠪᠠ᠂ ᠠᠵᠢᠯ ᠤᠨ ᠪᠦᠳᠦᠮᠵᠢ ᠶᠢ 13 ᠲᠠᠬᠢᠨ ᠲᠡᠭᠡᠭᠰᠢᠯᠡᠬᠦᠯᠪᠡ᠃      ᠲᠤᠰ ᠵᠢᠯ᠂ ᠤᠳᠠ ᠶᠢᠨ ᠲᠠᠷᠢᠶᠠᠯᠠᠩ ᠤᠨ ᠲᠠᠯᠠᠪᠠᠢ᠂ ᠬᠠᠶᠢᠷᠣᠪ ᠤᠨ ᠲᠤᠬᠤᠢ ᠶᠢᠨ ᠲᠠᠷᠢᠶᠠᠯᠠᠩ ᠤᠨ ᠲᠠᠯᠠᠪᠠᠢ᠂ ᠳ᠋ᠦᠩᠹᠧᠩ ᠲᠠᠷᠢᠶᠠᠯᠠᠩ ᠤᠨ ᠲᠠᠯᠠᠪᠠᠢ ᠨᠡᠶᠢᠳᠡᠮ ᠢᠶᠠᠷ ᠭᠠᠷᠤᠯᠲᠠ ᠶᠢ ᠡᠷᠦᠭᠡ ᠳᠤ ᠳᠠᠭᠠᠭᠠᠴᠢᠯᠠᠭᠤᠯᠬᠤ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠪᠡ᠃      ▲1982 ~ 1983 ᠣᠨ᠂ ᠪᠦᠬᠦ ᠬᠤᠳᠠ ᠶᠢᠨ ᠰᠡᠭᠡᠭᠡᠳᠡᠳ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ 271 ᠨᠡᠷᠡᠰ ᠲᠤᠰᠬᠠᠢ ᠮᠡᠷᠭᠡᠵᠢᠯ ᠤᠨ ᠺᠠᠳᠠᠷ ᠤᠨ ᠬᠢᠯᠢᠰ᠂ ᠬᠤᠳᠠᠯ᠂ ᠪᠤᠷᠤᠭᠤ ᠬᠡᠷᠡᠭ ᠢ ᠴᠠᠭᠠᠳᠬᠠᠵᠤ᠂ 902 ᠨᠡᠷᠡᠰ ᠦᠷ᠎ᠡ ᠬᠡᠦᠭᠡᠳ ᠵᠡᠷᠭᠡ ᠭᠡᠷ ᠤᠨ ᠬᠦᠮᠦᠰ ᠤᠨ ᠡᠷᠦᠬᠡ ᠠᠮᠠ ᠶᠢ ᠨᠢ ᠲᠠᠷᠢᠶᠠᠯᠠᠩ ᠤᠨ  ᠬᠢ ᠠᠴᠠ ᠲᠠᠷᠢᠶᠠᠯᠠᠩ ᠤᠨ ᠪᠤᠰᠤ ᠪᠣᠯᠭᠠᠵᠤ᠂ 4839 ᠬᠦᠮᠦᠨ ᠰᠡᠭᠡᠭᠡᠳᠡᠳ ᠤᠨ ᠨᠦᠬᠦᠪᠦᠷᠢ ᠬᠦᠷᠳᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号