ᠠᠯᠲᠠᠨ ᠰᠢᠷᠭᠠᠯ ᠡᠯᠡᠰᠤᠨ ᠲᠤᠬᠤᠢ ᠠᠮᠢ ᠠᠬᠤᠢ ᠶᠢᠨ ᠵᠤᠭᠠᠴᠠᠯ ᠤᠨ ᠤᠷᠤᠨ 2002 ᠤᠨ ᠤ 4 ᠳ᠋ᠤᠭᠡᠷ | ᠰᠠᠷ᠎ᠠ ᠳᠤ ᠪᠠᠶᠢᠭᠤᠯᠤᠭᠳᠠᠵᠦ᠂ 2012 ᠤᠨ ᠤ ᠵᠢᠯ ᠤᠨ ᠰᠡᠭᠦᠯᠴᠢ ᠳᠤ ᠤᠯᠤᠰ ᠤᠨ 4A ᠳᠡᠰ ᠤᠨ ᠵᠢᠭᠤᠯᠴᠢᠯᠠᠯ | ᠤᠨ ᠦᠵᠡᠮᠵᠢ ᠶᠢᠨ ᠤᠷᠤᠨ ᠢᠶᠠᠷ ᠦᠨᠡᠯᠡᠭᠳᠡᠪᠡ᠃ ᠬᠠᠶᠢᠷᠤᠪ ᠤᠨ ᠲᠤᠬᠤᠢ ᠲᠤᠭᠤᠷᠢᠭ ᠤᠨ ᠬᠤᠶᠢᠨ᠎ᠠ 11 | ᠺᠢᠯᠤᠮᠧᠲᠷ ᠳᠤ ᠪᠠᠶᠢᠷᠢᠯᠠᠵᠦ ᠪᠤᠢ᠂ 3.5 ᠲᠦᠮᠡᠨ ᠮᠤ᠋ ᠭᠠᠵᠠᠷ ᠡᠵᠡᠯᠡᠵᠦ᠂ ᠦᠬᠠᠢ ᠶᠢᠨ ᠨᠢᠰᠭᠡᠯ ᠤᠨ ᠪᠠᠭᠤᠳᠠᠯ ᠠᠴᠠ | ᠵᠦᠪᠬᠡᠨ 3 ᠺᠢᠯᠤᠮᠧᠲᠷ ᠵᠠᠶᠢᠲᠠᠢ᠃ ᠡᠯᠡᠰᠤᠨ ᠲᠤᠬᠤᠢ ᠲᠤᠳᠤᠷ᠎ᠠ ᠡᠮᠦᠨ᠎ᠡ ᠤᠮᠠᠷ᠎ᠠ ᠬᠤᠶᠠᠷ ᠡᠯᠡᠰᠤᠨ ᠠᠭᠤᠯᠠ ᠨᠢ | ᠬᠠᠷᠢᠯᠴᠠᠨ ᠪᠠᠷᠠᠯᠠᠵᠦ᠂ ᠶᠠᠭ ᠯᠤᠤ ᠴᠠᠭᠠᠷᠢᠭᠯᠠᠨ ᠪᠠᠷᠰ ᠤᠴᠤᠶᠢᠬᠤ ᠮᠡᠳᠤ᠃ ᠵᠡᠭᠦᠨ ᠬᠡᠰᠡᠭ ᠤᠨ ᠡᠯᠡᠰᠤᠨ ᠠᠭᠤᠯᠠ | ᠬᠠᠮᠤᠭ ᠦᠨᠳᠤᠷ ᠭᠠᠵᠠᠷ ᠨᠢ156 ᠮᠧᠲᠷ ᠳᠤ ᠬᠦᠷᠴᠦ᠂ ᠡᠯᠡᠰᠤᠨ ᠠᠭᠤᠯᠠ᠂ ᠡᠯᠡᠰᠤᠨ ᠬᠤᠳᠤᠭᠤᠷ ᠤᠨ ᠬᠡᠯᠪᠡᠷᠢ | ᠨᠢ ᠪᠤᠳᠤᠯᠢᠶᠠᠨᠲᠠᠢ᠂ ᠡᠯᠡᠰᠤ᠂ ᠠᠭᠤᠯᠠ᠂ ᠤᠰᠤ ᠨᠢᠭᠡ ᠴᠤᠭᠴᠠ ᠪᠤᠯᠭᠠᠭᠰᠡᠨ ᠲᠤᠮᠦ ᠬᠡᠯᠪᠡᠷᠢ ᠶᠢᠨ ᠠᠮᠢ ᠠᠬᠤᠢ ᠶᠢᠨ | ᠵᠤᠭᠠᠴᠠᠯ ᠤᠨ ᠤᠷᠤᠨ᠃ | ᠵᠤᠭᠠᠴᠠᠯ ᠤᠨ ᠤᠷᠤᠨ ᠤ ᠪᠦᠳᠤᠭᠡᠨ ᠪᠠᠶᠢᠭᠤᠯᠤᠯᠲᠡ ᠶᠢᠨ ᠬᠠᠷᠠᠯᠲᠡ ᠪᠤᠯ ᠡᠯᠡᠰᠦ᠂ ᠠᠭᠤᠯᠠ᠂ ᠤᠰᠤ᠂ ᠤᠢ | ᠰᠢᠭᠤᠢ᠂ ᠠᠮᠢ ᠠᠬᠤᠢ ᠶᠢᠨ ᠵᠠᠰᠠᠯᠲᠠ᠂ ᠰᠡᠯᠡᠭᠦᠴᠡᠯ ᠤᠨ ᠪᠡᠶᠡᠴᠢ ᠤᠶᠢᠯᠠᠭᠠᠯᠲᠡ᠂ ᠵᠠᠩ ᠦᠢᠯᠡ ᠶᠢᠨ ᠦᠵᠡᠭᠦᠯᠦᠯᠭᠡ᠂ | ᠬᠡᠬᠡᠷ᠎ᠡ ᠶᠢᠨ ᠠᠮᠢᠳᠠᠨ ᠤᠷᠭᠤᠮᠠᠯ ᠤᠨ ᠰᠤᠳᠤᠯᠤᠯ᠂ ᠬᠦᠳᠡᠭᠡ ᠠᠶᠢᠯ ᠤᠨ ᠬᠤᠭᠤᠯᠠ ᠤᠮᠳᠠ᠂ ᠲᠠᠷᠢᠵᠦ ᠲᠡᠵᠢᠭᠡᠬᠦ ᠶᠢᠨ | ᠵᠢᠱᠢᠶ᠎ᠡ ᠦᠵᠡᠭᠦᠯᠬᠦ ᠪᠤᠯᠤᠨ ᠲᠤᠭᠤᠷᠢᠨ ᠦᠵᠡᠬᠦ ᠵᠤᠭᠠᠴᠠᠯ ᠢ ᠨᠢᠭᠡ ᠴᠤᠭᠴᠠᠵᠢᠭᠤᠯᠤᠭᠰᠡᠨ ᠲᠤᠮᠦ ᠬᠡᠯᠪᠡᠷᠢ ᠶᠢᠨ | ᠠᠮᠢ ᠠᠬᠤᠢ ᠶᠢᠨ ᠵᠤᠭᠠᠴᠠᠯ ᠤᠨ ᠤᠷᠤᠨ᠃ ᠤᠳᠤ ᠨᠢᠭᠡᠨᠲᠡ ᠪᠠᠶᠢᠭᠤᠯᠵᠦ ᠳᠠᠭᠤᠰᠤᠭᠰᠡᠨ ᠤᠨᠴᠠᠯᠢᠭ ᠪᠦᠬᠦᠢ | ᠢᠳᠡᠭᠡᠨ ᠤᠮᠳᠠᠭᠠᠨ ᠤ ᠰᠤᠶᠤᠯ ᠤᠨ ᠰᠤᠯᠠ ᠰᠡᠯᠡᠭᠦᠤ ᠠᠮᠠᠷᠠᠯᠲᠠ ᠶᠢᠨ ᠤᠷᠤᠨ᠂ ᠦᠵᠤᠮ ᠤᠨ ᠬᠦᠷᠢᠶᠡᠯᠡᠩ | ᠲᠤᠭᠤᠷᠢᠨ ᠦᠵᠡᠬᠦ᠂ ᠲᠡᠭᠦᠭᠦ ᠤᠷᠤᠨ᠂ ᠡᠯᠡᠰᠤᠨ ᠴᠦᠯ ᠰᠡᠯᠡᠭᠦᠴᠡᠯ ᠵᠤᠭ᠎ᠠ ᠴᠡᠩᠬᠡᠯ ᠤᠨ ᠤᠷᠤᠨ᠂ ᠦᠵᠡᠮᠤᠷᠢ ᠶᠢᠨ | ᠡᠪᠡᠰᠦ ᠮᠤᠳᠤ ᠴᠡᠴᠡᠭ ᠲᠠᠷᠢᠬᠤ ᠰᠠᠭᠤᠷᠢᠨ ᠭᠠᠵᠠᠷ ᠵᠡᠷᠭᠡ5 ᠶᠡᠭᠡ ᠴᠢᠳᠠᠮᠵᠢᠳᠤ ᠤᠷᠤᠨ ᠪᠠᠶᠢᠨ᠎ᠠ᠃ | | | | | | | | | | | | |