ᠬᠤᠳᠠ ᠶᠢᠨ ᠵᠠᠰᠠᠭ ᠤᠨ ᠣᠷᠳᠣᠨ 2024 ᠣᠨ ᠤ 10 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/14
     5 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠠᠵᠢᠯ ᠤᠨ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ︽︿几﹀ ᠦᠰᠦᠭᠲᠤ ᠲᠤᠬᠤᠢ︾  ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ 4 ᠰᠠᠷ᠎ᠠ ᠶᠢᠨ 30 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠶᠡᠷᠦᠩᠬᠡᠢ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠵᠤ ᠪᠦᠲᠦᠴᠡ ᠪᠠᠨ ᠲᠤᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠢ ᠶᠢᠨ ᠠᠵᠢᠯᠯᠠᠭᠠᠨ ᠢ ᠴᠢᠩᠭ᠎ᠠ ᠪᠦᠭᠡᠳ ᠪᠣᠳᠠᠲᠠᠢ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠮᠸᠢ ᠵᠸᠤ ᠠᠴᠠ ᠳ᠋ᠠ ᠫᠦ᠋ ᠬᠦᠷᠬᠦ ᠲᠡᠭᠡᠲᠤ ᠬᠤᠷᠲᠤᠴᠠᠲᠤ ᠵᠠᠰᠠᠮᠠᠯ ᠵᠠᠮ ᠤᠨ ᠴᠠ ᠶᠠᠩ ᠤᠨ ᠬᠡᠰᠡᠭ ᠤᠨ ᠨᠤᠷᠠᠭᠰᠠᠨ ᠭᠠᠮᠰᠢᠭ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠳᠣᠬᠠᠨ ᠤ ᠮᠠᠨ ᠤ ᠬᠤᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠪᠠᠭᠤᠷᠠᠢ ᠭᠤᠭᠴᠤᠭ᠎ᠠ ᠪᠣᠯᠣᠨ ᠳᠤᠲᠠᠭᠤᠳᠠᠯ ᠢᠶᠠᠨ ᠭᠦᠨᠵᠡᠭᠡᠢ ᠡᠷᠢᠵᠦ᠂ ᠠᠭᠤᠷᠬᠠᠢ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠠᠶᠤᠯᠲᠠᠢ ᠬᠢᠮᠢ ᠶᠢᠨ ᠪᠣᠳᠠᠰ ᠵᠡᠷᠭᠡ ᠠᠵᠢᠯ ᠲᠥᠷᠥᠯ ᠤᠨ ᠬᠦᠷᠢᠶ᠎ᠡ ᠵᠢᠴᠢ ᠬᠥᠮᠥᠨ ᠬᠠᠷ᠎ᠠ ᠲᠥᠪᠯᠡᠷᠡᠭᠰᠡᠨ ᠭᠠᠵᠠᠷ ᠲᠠᠯᠠᠪᠤᠷ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠨ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠦᠨ ᠱᠤᠤ ᠴᠧᠩ ᠱᠦᠵᠢ ᠶᠢᠨ ᠱᠠᠭᠠᠷᠳᠠᠯᠭ᠎ᠠ ᠶᠣᠰᠣᠭᠠᠷ᠂ ᠨᠡᠩ ᠶᠡᠭᠡ ᠡᠷᠴᠢᠮ ᠢᠶᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ᠂ ᠦᠬᠠᠢ ᠶᠢᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠡᠬᠦᠷᠢᠳᠡ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠰᠠᠶᠢᠨ ᠰᠠᠶᠢᠬᠠᠨ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠶᠡᠭᠡ ᠬᠠᠮᠠᠭᠠᠯᠠᠯᠲᠠ᠂ ᠶᠡᠭᠡ ᠬᠤᠪᠢᠷᠠᠯᠲᠠ᠂ ᠶᠡᠭᠡ ᠴᠡᠭᠴᠡᠯᠡᠨ ᠰᠠᠶᠢᠵᠢᠷᠠᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠦᠷᠳᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠲᠤᠨ ᠭᠤᠣᠯ ᠤᠨ ︽︿几﹀ ᠦᠰᠦᠭᠲᠤ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ᠂ ᠡᠯᠡᠰᠦᠷᠬᠡᠭᠵᠢᠭᠰᠡᠨ ᠪᠤᠰᠤ ᠭᠠᠵᠠᠷ ᠰᠢᠷᠣᠢ ᠶᠢᠨ ᠠᠮᠢ ᠠᠬᠤᠢ ᠶᠢ ᠰᠡᠷᠭᠦᠭᠡᠬᠦ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨᠬᠦ ᠰᠥᠨᠥᠭᠡᠬᠦ ᠳᠠᠶᠢᠨ ᠪᠣᠯᠭᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠦᠷ᠎ᠡ ᠪᠦᠲᠦᠭᠡᠯ ᠤᠨ ᠤᠬᠠᠮᠰᠠᠷ᠂ ᠦᠷ᠎ᠡ ᠪᠦᠲᠦᠮᠵᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ︽ᠭᠤᠷᠪᠠᠨ ᠤᠯᠠᠨ ᠭᠤᠷᠪᠠᠨ ᠴᠦᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠡᠶᠢᠰᠪᠤᠷᠢ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠤᠰᠢᠭᠤ ᠱᠠᠯᠠᠮᠠᠭᠠᠢ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠲᠤᠭ᠎ᠠ ᠪᠦᠷᠢᠳᠬᠡᠯ ᠤᠨ ᠴᠡᠭᠴᠡᠯᠡᠨ ᠰᠠᠶᠢᠵᠢᠷᠠᠭᠤᠯᠤᠯᠳᠠ᠂ ᠥᠷᠢ ᠥᠭᠴᠡᠭᠡ ᠶᠢ ᠠᠷᠢᠯᠭᠠᠬᠤ ᠵᠡᠷᠭᠡ ᠲᠠᠯ᠎ᠠ ᠶᠢᠨ ᠪᠢᠴᠢᠭ ᠮᠠᠲ᠋ᠧᠷᠢᠶᠠᠯ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号