2024 ᠣᠨ ᠤ 5 ᠰᠠᠷ᠎ᠠ ᠶᠢᠨ 13 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/5/14
     ᠼᠦᠢ ᠵᠢᠩ ᠶᠢᠩ᠄ ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠲᠤᠰᠬᠠᠶ ᠪᠠᠭ ᠤᠨ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ᠂ ᠪᠥᠬᠦ ᠣᠷᠣᠨ ᠤ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠤᠬᠢᠶᠠᠬᠤ ᠶᠢ ᠲᠤᠰᠬᠠᠶ ᠵᠠᠰᠠᠬᠤ ᠠᠵᠢᠯᠯᠠᠭ᠎ᠠ ᠶᠢᠨ ᠳ᠋ᠦᠩᠨᠡᠯᠲᠡ ᠵᠢᠴᠢ ᠤᠯᠤᠰ ᠤᠨ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ᠂ ᠭᠤᠤᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠪᠠ᠃      ᠭᠧᠩ ᠬᠠᠶ ᠵᠢᠶᠦ᠋ᠨ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠤᠯᠳᠠᠯᠭ᠎ᠠ ᠲᠠᠢ ᠠᠵᠢᠯ ᠤᠨ ᠲᠤᠬᠠᠢ ᠰᠣᠳᠣᠯᠪᠠ᠃      ᠭᠦᠸᠧ ᠢ ᠵᠢᠶᠧ᠄ ᠭᠠᠨᠳᠠᠷᠢ ᠤᠨ ᠶᠠᠪᠠᠭᠠᠨ ᠬᠥᠭᠦᠷᠭᠡ ᠶᠢᠨ ᠲᠦᠷᠦᠯ ᠵᠦᠢᠯ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠠᠮᠢ ᠠᠬᠤᠢ ᠶᠢᠨ ᠲᠦᠷᠦᠯ ᠵᠦᠢᠯ ᠤᠨ ᠬᠤᠶᠠᠳᠤᠭᠠᠷ ᠬᠤᠭᠤᠴᠠᠭᠠᠨ ᠤ ᠲᠥᠰᠦᠯ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠲᠥᠪ ᠤᠨ ᠨᠣᠭᠤᠭᠠᠨ ᠭᠠᠵᠠᠷ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠵᠡᠷᠭᠡ ᠬᠤᠯᠪᠤᠭᠳᠠᠯ ᠪᠦᠬᠦᠢ ᠪᠠᠶᠢᠳᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ ᠶᠢ ᠲᠣᠭᠲᠠᠭᠠᠭᠰᠠᠨ ᠪᠠᠶᠢᠳᠠᠯ ᠪᠣᠯᠤᠨ ᠠᠭᠤᠷᠬᠠᠢ ᠶᠢᠨ ᠡᠷᠬᠡ ᠶᠢ ᠨᠡᠶᠢᠳᠬᠡᠨ ᠠᠬᠢᠭᠤᠯᠤᠭᠰᠠᠨ ᠪᠠᠶᠢᠳᠠᠯ ᠤᠨ ᠲᠤᠬᠠᠢ ᠲᠤᠬᠢᠷᠠᠭᠤᠯᠪᠠ᠃      ᠸᠠᠩ ᠵᠢᠶ ᠫᠢᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ‌‍ᠤ ᠭᠤᠤᠯᠳᠠᠯᠭ᠎ᠠ ᠲᠠᠢ ᠠᠵᠢᠯ‌‍ᠤᠨ ᠲᠤᠬᠠᠢ ᠰᠣᠳᠣᠯᠪᠠ᠃      ᠵᠠᠩ ᠮᠢᠩ ᠮᠢᠩ᠄ ᠪᠥᠬᠦ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠣᠭᠤᠳᠬᠤ ᠭᠠᠵᠠᠷ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠵᠢᠴᠢ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠲᠧᠯᠸᠢᠰ ᠤᠲᠠᠰᠤᠲᠤ ᠬᠤᠷᠠᠯ ᠳᠤ ᠣᠷᠣᠯᠴᠠᠵᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠲᠤᠬᠠᠢ ᠰᠤᠳᠤᠯᠵᠤ᠂ ᠦᠬᠠᠶ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠲᠥᠪ ᠤᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠳᠤ ᠳᠣᠭᠢᠷᠠᠭᠤᠯᠤᠯᠳᠠ ᠬᠢᠪᠡ᠃      ᠭᠤᠣ ᠪᠦᠸᠧ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠤᠯᠳᠠᠯᠭ᠎ᠠ ᠲᠠᠢ ᠠᠵᠢᠯ ᠤᠨ ᠲᠤᠬᠠᠢ ᠰᠣᠳᠣᠯᠪᠠ᠃      ᠵᠠᠩ ᠸᠧᠢ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠤᠯᠳᠠᠯᠭ᠎ᠠ ᠲᠠᠢ ᠠᠵᠢᠯ ᠤᠨ ᠲᠤᠬᠠᠢ ᠰᠣᠳᠣᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号