| | | | | ᠣᠶᠢᠷ᠎ᠠ ᠳᠤ᠂ ᠰᠤᠷᠪᠤᠯᠵᠢᠯᠠᠭᠴᠢ ᠤᠳᠠ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ | ᠲᠠᠯᠠᠪᠤᠷ ᠲᠤ᠂ ᠪᠠᠷᠢᠯᠭ᠎ᠠ ᠶᠢᠨ ᠠᠵᠢᠯᠲᠠᠳ ᠴᠠᠭ ᠮᠥᠴᠡ ᠶᠢ ᠠᠮᠵᠢᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠵᠤ ᠪᠠᠶᠢᠬᠤ ᠶᠢ | ᠣᠯᠵᠤ ᠬᠠᠷᠠᠪᠠ᠃ | ᠤᠳᠠ ᠲᠣᠭᠤᠷᠢᠭ ᠤᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠤᠨ ᠶᠡᠷᠦᠩᠬᠡᠶ ᠴᠣᠭᠴᠠ ᠶᠢᠨ | ᠲᠥᠷᠥᠯ ᠵᠦᠢᠯ ᠤᠨ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ | ᠪᠦᠲᠦᠭᠡᠨ ᠪᠠᠶᠢᠭᠤᠯᠬᠤ ᠠᠭᠤᠯᠭ᠎ᠠ ᠳᠤ ᠬᠤᠳᠠᠯᠳᠤᠭᠠᠨ ᠤ ᠠᠰᠠᠷ ᠪᠠ ᠠᠷᠠᠳ ᠲᠤ ᠳᠥᠭᠦᠮ ᠦᠵᠡᠭᠦᠯᠬᠦ ᠵᠠᠬ᠎ᠠ | ᠳᠡᠯᠭᠡᠭᠦᠷ ᠢ ᠪᠠᠭᠲᠠᠭᠠᠵᠤ᠂ ᠡᠭᠦᠨ ᠳᠤ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠤᠨ ᠳᠣᠲᠣᠷ᠎ᠠ ᠪᠠᠷᠤᠭ | 200 ᠳᠡᠯᠭᠡᠭᠡ ᠮᠠᠶᠢᠮᠠᠶ᠂ 60 ᠲᠠᠰᠤᠯᠭ᠎ᠠ ᠭᠠᠳᠠᠷ ᠬᠦᠷᠢᠶᠡᠨ ᠤ ᠬᠤᠳᠠᠯᠳᠤᠭᠠᠨ ᠤ ᠫᠦᠰᠡ ᠶᠢ ᠲᠥᠯᠥᠪᠵᠢᠭᠦᠯᠪᠡ᠃ | ᠣᠳᠣᠬᠠᠨ ᠳᠤ᠂ ᠲᠣᠰ ᠲᠥᠷᠥᠯ ᠵᠦᠢᠯ ᠤᠨ ᠳᠣᠲᠣᠭᠠᠳᠤ ᠶᠢᠨ ᠵᠠᠰᠠᠵᠤ ᠴᠢᠮᠡᠭᠯᠡᠬᠦ ᠠᠵᠢᠯ ᠢᠶᠠᠨ ᠨᠢᠭᠡᠨᠲᠡ ᠪᠦᠬᠦᠨ ᠢ | ᠪᠡᠶᠡᠯᠡᠭᠦᠯᠵᠦ᠂ ᠭᠠᠳᠠᠷ ᠲᠠᠯ᠎ᠠ ᠶᠢᠨ ᠬᠢᠨ ᠶᠠᠭ ᠰᠡᠭᠦᠯ ᠬᠤᠷᠢᠶᠠᠬᠤ ᠠᠵᠢᠯ ᠬᠢᠵᠦ ᠪᠠᠶᠢᠨ᠎ᠠ᠂ ᠵᠢᠱᠢᠯᠲᠡ ᠪᠠᠷ 5 | ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠵᠤ᠂ 6 ᠰᠠᠷ᠎ᠠ ᠶᠢᠨ ᠰᠡᠭᠦᠯᠴᠢ ᠪᠠᠷ ᠲᠥᠷᠥᠯ ᠵᠦᠢᠯ ᠤᠨ ᠬᠡᠷ | ᠲᠤᠰᠢᠶᠠᠬᠤ ᠶᠢ ᠰᠢᠯᠭᠠᠨ ᠠᠪᠬᠤ ᠠᠵᠢᠯ ᠥᠷᠨᠢᠭᠦᠯᠵᠦ᠂ ᠬᠤᠳᠠᠯᠳᠤᠭᠠᠴᠢᠨ ᠤᠷᠢᠬᠤ ᠪᠠ ᠥᠮᠴᠢᠲᠡᠨ ᠤ ᠬᠡᠷ | ᠪᠠᠶᠢᠰᠢᠩ ᠲᠤᠰᠢᠶᠠᠬᠤ ᠭᠠᠷᠳᠠᠮ ᠢ ᠭᠦᠢᠴᠡᠳᠭᠡᠬᠦ᠂ ᠭᠠᠳᠠᠷ ᠲᠠᠯ᠎ᠠ ᠶᠢᠨ ᠨᠣᠭᠤᠭᠠᠷᠠᠭᠤᠯᠤᠯᠲᠠ ᠬᠠᠲᠠᠭᠤᠷᠠᠭᠤᠯᠤᠯᠲᠠ | ᠵᠡᠷᠭᠡ ᠠᠵᠢᠯ ᠥᠷᠨᠢᠭᠦᠯᠦᠨ᠎ᠡ᠃ |