ᠲᠤᠮᠳᠠᠲᠤ ᠣᠯᠣᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠷᠢᠶ᠎ᠠ ᠪᠣᠯᠤᠨ ᠦᠬᠠᠢ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠬᠦᠯᠦᠯᠳᠡ ᠶᠢᠨ ᠦᠢᠯᠡᠴᠢᠯᠡᠭᠡᠨ ᠤ ᠲᠤᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/5/15
     5 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠤᠷᠢᠶ᠎ᠠ ᠪᠣᠯᠤᠨ ᠦᠬᠠᠢ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠬᠦᠯᠦᠯᠳᠡ ᠶᠢᠨ ᠦᠢᠯᠡᠴᠢᠯᠡᠭᠡᠨ ᠤ ᠲᠤᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠭᠧᠩ ᠬᠠᠶ ᠵᠢᠶᠦ᠋ᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃      ᠬᠤᠶᠠᠷ ᠪᠠᠶᠢᠭᠤᠯᠤᠮᠵᠢ ᠶᠢᠨ ᠫᠠᠶᠢᠰᠠ ᠡᠯᠭᠦᠨ ᠪᠠᠶᠢᠭᠤᠯᠤᠭᠳᠠᠭᠰᠠᠨ ᠶᠠᠪᠤᠳᠠᠯ ᠪᠣᠯ ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ᠎ᠠ᠂ ᠡᠨᠡ ᠨᠢ ᠥᠷᠭᠡᠨ ᠣᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠦᠬᠠᠶ ᠳᠤ ︽ᠲᠥᠷᠬᠦᠮ ᠤᠨ ᠬᠥᠮᠦᠰ︾ ︽ᠦᠢᠯᠡᠴᠢᠯᠡᠭᠴᠢ︾  ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃      ᠬᠤᠶᠠᠷ ᠪᠠᠶᠢᠭᠤᠯᠤᠮᠵᠢ ᠨᠢ ᠠᠵᠤ ᠠᠬᠤᠶᠢᠯᠠᠯ ᠤᠨ ᠶᠠᠪᠤᠳᠠᠯ ᠢ ᠰᠡᠳᠬᠢᠯ ᠳᠡᠭᠡᠨ ᠪᠣᠲᠣᠵᠣ᠂ ᠠᠵᠤ ᠠᠬᠤᠶᠢᠯᠠᠯ ᠤᠨ ᠬᠡᠷᠡᠭ ᠢ ᠰᠠᠶᠢᠲᠤᠷ ᠰᠢᠢᠳᠪᠦᠷᠢᠯᠡᠵᠦ᠂ ᠠᠵᠤ ᠠᠬᠤᠶᠢᠯᠠᠯ ᠢ ᠳᠡᠮᠵᠢᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ︽ᠬᠠᠲᠠᠭᠤ ᠠᠷᠭ᠎ᠠ ᠬᠡᠮᠵᠢᠶ᠎ᠡ︾ ᠶᠢ ᠲᠣᠭᠲᠠᠭᠠᠵᠤ᠂ ᠵᠠᠰᠠᠭ ᠠᠵᠤ ᠠᠬᠤᠶᠢᠯᠠᠯ ᠤᠨ ᠬᠤᠭᠤᠷᠤᠨᠲᠤᠭᠢ ︽ᠰᠡᠳᠬᠢᠯ ᠤᠨ ᠬᠥᠭᠦᠷᠭᠡ︾ ᠶᠢ ᠪᠠᠶᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠪᠰᠤᠷᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠪᠡᠯᠡ ᠴᠤᠭᠯᠠᠭᠤᠯᠵᠤ ᠪᠡᠯᠡ ᠲᠣᠬᠢᠷᠠᠭᠤᠯᠬᠤ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠣᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠵᠤ ᠠᠬᠤᠶᠢᠯᠠᠯᠲᠠᠨ ᠳᠤ︽ᠰᠠᠨᠠᠭ᠎ᠠ ᠠᠮᠤᠷ︾ ᠤᠷᠴᠢᠨ ᠲᠤᠭᠤᠷᠢᠨ ᠢ ᠡᠭᠦᠳᠴᠦ᠂ ᠠᠵᠤ ᠠᠬᠤᠶᠢᠯᠠᠯᠲᠠᠨ ᠢ ︽ᠬᠦᠨᠲᠤᠲᠤ ᠵᠣᠴᠢᠨ︾ ︽ᠠᠰᠢᠭ ᠬᠤᠨᠵᠢᠪᠤᠷᠢ︾ ᠲᠠᠢ ᠪᠤᠯᠭᠠᠨ᠎ᠠ᠃      ᠦᠬᠠᠢ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠤᠤ ᠸᠧᠶ᠄ ︽ᠳᠠᠷᠠᠭᠠᠴᠢ ᠶᠢᠨ ᠠᠯᠬᠤᠮ ᠳᠤ᠂ ᠪᠢᠳᠡ ᠦᠢᠯᠡᠴᠢᠯᠡᠭᠡ ᠶᠢ ᠳᠡᠭᠡᠳᠦᠯᠡᠬᠦ ᠣᠶᠢᠯᠠᠭᠠᠭᠳᠠᠬᠤᠨ ᠢ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠦᠨᠡᠨ ᠪᠣᠳᠠᠲᠠᠢ ᠬᠠᠪᠰᠤᠷᠤᠨ ᠨᠢᠭᠡ ᠪᠦᠯᠦᠭ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠥᠷᠭᠡᠨ ᠤᠯᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠡᠩ ᠬᠠᠶᠢᠷ᠎ᠠ ᠰᠡᠳᠬᠢᠯᠭᠡ ᠲᠠᠢ᠂ ᠨᠡᠩ ᠡᠷᠴᠢᠮ ᠲᠠᠢ᠂ ᠨᠡᠩ ᠦᠷ᠎ᠡ ᠪᠦᠲᠦᠮᠵᠢᠲᠡᠢ ᠳᠡᠮᠵᠢᠯᠭᠡ ᠬᠠᠩᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠬᠦ ᠪᠠ ᠪᠠᠲᠤᠯᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠢᠯᠡᠳᠬᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号