ᠮᠠᠨ ᠤ ᠬᠤᠲᠠ ᠶᠢᠨ 2024 ᠣᠨ ᠤ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠨ ᠵᠠᠰᠠᠬᠤ ᠵᠢᠴᠢ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/16
     5 ᠰᠠᠷ᠎ᠠ ᠶᠢᠨ 14 ᠤ ᠡᠳᠦᠷ᠂ ᠮᠠᠨ ᠤ ᠬᠤᠲᠠ ᠶᠢᠨ 2024 ᠣᠨ ᠤ ᠲᠤᠭ᠎ᠠ ᠪᠦᠷᠢᠳᠬᠡᠯ ᠢ ᠬᠠᠭᠤᠷᠮᠠᠭ  ᠢᠶᠠᠷ ᠵᠣᠬᠢᠶᠠᠬᠤ ᠶᠢ ᠰᠡᠷᠭᠡᠶᠢᠯᠡᠨ ᠵᠠᠰᠠᠬᠤ ᠵᠢᠴᠢ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠪᠥᠬᠦ ᠣᠷᠣᠨ ᠤ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠲᠤᠰᠬᠠᠶ ᠵᠠᠰᠠᠬᠤ ᠠᠵᠢᠯᠯᠠᠭ᠎ᠠ ᠶᠢᠨ ᠳ᠋ᠦᠩᠨᠡᠯᠲᠡ ᠵᠢᠴᠢ ᠤᠯᠤᠰ ᠤᠨ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠤᠨ ᠵᠢᠱᠢᠶ᠎ᠡ ᠵᠢᠴᠢ ᠬᠠᠷᠢᠭᠤᠴᠠᠯᠭ᠎ᠠ ᠨᠡᠬᠡᠮᠵᠢᠯᠡᠬᠦ ᠶᠢ ᠰᠢᠢᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃ ᠬᠤᠲᠠ ᠶᠢᠨ ᠤᠳᠤᠷᠢᠳᠤᠯᠭ᠎ᠠ ᠸᠠᠩ ᠵᠢᠶ ᠫᠢᠩ᠂ ᠵᠠᠩ ᠮᠢᠩ ᠮᠢᠩ᠂ ᠵᠠᠩ ᠸᠧᠶ ᠣᠷᠣᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠭ᠎ᠠ ᠪᠦᠷᠢᠳᠬᠡᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠷᠦᠩᠬᠡᠶᠢᠯᠡᠭᠰᠡᠨ ᠴᠢᠨᠠᠷᠲᠠᠶ ᠰᠠᠭᠤᠷᠢ ᠠᠵᠢᠯ ᠮᠥᠨ᠂ ᠰᠢ ᠶᠢᠨ ᠫᠢᠩ ᠶᠡᠷᠦᠩᠬᠡᠶ ᠱᠦᠵᠢ  ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ᠂ ᠬᠥᠭᠵᠢᠯᠲᠡ ᠶᠢᠨ ᠦᠵᠡᠯᠲᠡ᠂ ᠲᠤᠭ᠎ᠠ ᠪᠠᠷᠢᠮᠲᠠ ᠶᠢᠨ ᠦᠵᠡᠯᠲᠡ ᠶᠢ ᠪᠠᠲᠤ ᠪᠣᠶ ᠪᠣᠯᠭᠠᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠡᠷᠡᠰ ᠰᠡᠷᠭᠡᠶᠢᠯᠡᠨ ᠵᠠᠰᠠᠵᠤ᠂ ᠲᠤᠭ᠎ᠠ ᠪᠦᠷᠢᠳᠬᠡᠯ ᠤᠨ ᠠᠵᠢᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠦᠨᠡᠨ ᠬᠦ ᠰᠠᠬᠢᠬᠤ ᠬᠡᠷᠡᠭᠲᠡᠶ᠃ ᠬᠢᠨᠠᠨ ᠪᠠᠶᠢᠴᠠᠭᠠᠯᠳᠠ ᠪᠠᠷ ᠥᠭᠡᠷᠡᠴᠢᠯᠡᠬᠦ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠬᠦᠯᠵᠦ᠂ ᠪᠠᠶᠢᠩᠭᠤ ᠶᠢᠨ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠬᠤᠷᠳᠤᠴᠠ ᠪᠠᠨ ᠲᠦᠷᠭᠡᠳᠬᠡᠨ᠂ ᠴᠡᠭᠴᠡᠯᠡᠨ ᠰᠠᠶᠢᠵᠢᠷᠠᠭᠤᠯᠬᠤ ᠪᠠᠨ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠷᠢᠭ᠎ᠠ ᠱᠤᠭᠤᠮ ᠢ ᠪᠠᠲᠤ ᠰᠠᠬᠢᠵᠤ᠂ ᠬᠠᠤᠯᠢ ᠶᠣᠰᠣᠭᠠᠷ ᠲᠤᠭ᠎ᠠ ᠪᠦᠷᠢᠳᠭᠡᠯ ᠢ ᠵᠠᠰᠠᠵᠤ᠂ ᠲᠤᠭ᠎ᠠ ᠪᠦᠷᠢᠳᠬᠡᠯ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠨ ᠵᠣᠬᠢᠶᠠᠬᠤ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠳᠤᠮᠳᠠ ᠪᠦᠷᠢᠯᠳᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠬᠡᠷᠡᠭᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠨ ᠮᠡᠳᠡᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠪᠠᠶᠢᠭᠤᠯᠤᠮᠵᠢ ᠲᠣᠭᠲᠠᠴᠠ ᠪᠠᠨ ᠪᠦᠷᠢᠨᠰᠢᠬᠦᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ︽ᠬᠡᠷᠡᠭ ᠤᠨ ᠡᠮᠦᠨ᠎ᠡ ᠰᠡᠷᠡᠮᠵᠢᠯᠡᠭᠦᠯᠬᠦ᠂ ᠬᠡᠷᠡᠭ ᠤᠨ ᠳᠤᠮᠳᠠ ᠰᠡᠷᠭᠡᠶᠢᠯᠡᠨ ᠡᠵᠡᠮᠳᠡᠬᠦ᠂ ᠬᠡᠷᠡᠭ ᠤᠨ ᠳᠠᠷᠠᠭ᠎ᠠ ᠪᠠᠶᠢᠴᠠᠭᠠᠨ ᠨᠡᠬᠡᠮᠵᠢᠯᠡᠬᠦ︾ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠦᠢᠯᠡ ᠠᠵᠢᠯᠯᠠᠭ᠎ᠠ ᠶᠢ ᠴᠥᠮ ᠴᠢᠩᠭ᠎ᠠ ᠰᠢᠢᠳᠪᠦᠷᠢᠯᠡᠬᠦ ᠬᠡᠷᠡᠭᠳᠡᠢ᠃ ᠰᠢᠨᠵᠢᠯᠡᠬᠦ ᠤᠬᠠᠭᠠᠨᠴᠢ ᠪᠠᠷ ᠪᠦᠷᠢᠳᠭᠡᠵᠦ᠂ ᠬᠥᠭᠵᠢᠯᠲᠡ ᠳᠤ ᠦᠢᠯᠡᠴᠢᠯᠡᠵᠦ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠲᠣᠬᠢᠷᠠᠭᠤᠯᠬᠤ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠣᠯᠵᠤ᠂ ᠲᠤᠭ᠎ᠠ ᠪᠠᠷᠢᠮᠲᠠ ᠶᠢ ᠵᠠᠳᠠᠯᠵᠤ᠂ ᠲᠤᠭ᠎ᠠ ᠪᠠᠷᠢᠮᠲᠠ ᠶᠢ ᠬᠡᠷᠡᠭᠯᠡᠵᠦ᠂ ᠪᠠᠷᠠᠭᠠᠯᠬᠢᠯᠠᠯᠳᠤ ᠴᠢᠨᠠᠷᠳᠠᠢ᠂ ᠤᠷᠢᠳᠴᠢᠯᠠᠨ ᠮᠡᠳᠡᠬᠦ ᠴᠢᠨᠠᠷᠲᠠᠢ ᠵᠠᠳᠠᠯᠤᠯᠲᠠ ᠬᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠥᠷᠨᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠦᠨᠡᠨ ᠬᠦ ᠰᠠᠶᠢᠲᠤᠷ ᠠᠳᠬᠤᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号