ᠮᠠᠨ ᠤ ᠬᠤᠲᠠ ︽5 · 15︾ ᠤ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/17
   5 ᠰᠠᠷ᠎ᠠ ᠶᠢᠨ 15 ᠤ ᠡᠳᠦᠷ ᠪᠣᠯ 15 ᠳ᠋ᠤᠭᠠᠷ ᠤᠳᠠᠭᠠᠨ ᠤ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ ᠡᠳᠦᠷ ᠪᠣᠯᠤᠨ᠎ᠠ᠃ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠬᠦ ᠠᠷᠠᠳ ᠤᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠢᠳᠡᠪᠬᠢᠵᠢᠯ ᠢ ᠳᠡᠭᠡᠭᠰᠢᠯᠡᠭᠦᠯᠬᠦ ᠶᠢᠨ ᠲᠥᠯᠥᠭᠡ᠂ ᠲᠤᠬᠠᠶ ᠶᠢᠨ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠯᠪᠠᠨ ᠬᠡᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠨᠢᠭᠡᠴᠡ ᠲᠠᠢ ᠬᠠᠮᠲᠤᠷᠠᠨ ᠸᠠᠨ ᠳ᠋ᠠ ᠠᠭᠤᠳᠠᠮ ᠲᠠᠯᠠᠪᠠᠶ ᠳᠤ 2024 ᠣᠨ ᠤ ︽5 · 15︾ ᠤ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠨᠢ ︽ᠠᠷᠠᠳ ᠣᠯᠠᠨ ᠯᠤᠭ᠎ᠠ ᠰᠡᠳᠬᠢᠯ‌‍ᠢᠶ᠋ᠠᠨ ᠨᠢᠭᠡᠳᠭᠡᠵᠦ᠂ ᠲᠠ ᠨᠠᠷ‌‍ᠤᠨ ᠲᠥᠯᠥᠭᠡ ᠰᠠᠬᠢᠨ ᠬᠠᠮᠠᠭᠠᠯᠠᠶ᠎ᠡ︾ ᠭᠡᠬᠦ‌‍ᠪᠠᠷ ᠭᠤᠣᠯ ᠰᠡᠳᠦᠪ ᠪᠣᠯᠭᠠᠵᠤ᠂ ᠠᠷᠠᠳ ᠤᠯᠠᠨ‌‍ᠤ ᠲᠤᠰ ᠪᠡᠶ᠎ᠡ‌‍ᠶᠢᠨ ᠠᠰᠢᠭ ᠲᠤᠰᠠ‌‍ᠶᠢ ᠬᠦᠨᠳᠦ ᠨᠣᠴᠢᠲᠠᠢ ᠬᠤᠬᠢᠷᠠᠭᠤᠯᠤᠭᠰᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ‌ᠢ ᠨᠦᠯᠦᠭᠡᠯᠡᠭᠰᠡᠨ᠂ ᠠᠵᠤ ᠠᠬᠤᠢ ᠨᠡᠶᠢᠭᠡᠮ‌‍ᠤᠨ ᠴᠢᠨᠠᠷ ᠰᠠᠶᠢᠲᠠᠢ ᠬᠥᠭᠵᠢᠯᠲᠡ‌‍ᠶᠢ ᠬᠠᠷᠰᠢᠯᠠᠭᠰᠠᠨ᠂ ᠠᠵᠤ ᠠᠬᠤᠢ‌‍ᠶᠢᠨ ᠡᠮᠬᠢ ᠳᠢᠭᠯᠢᠮ ᠪᠣᠯᠤᠨ ᠠᠵᠤ ᠠᠬᠤᠢ‌‍ᠶᠢᠨ ᠠᠮᠤᠷ ᠲᠦᠪᠰᠢᠨ‌ᠢ ᠡᠪᠳᠡᠭᠰᠡᠨ ᠵᠡᠷᠭᠡ ᠠᠵᠤ ᠠᠬᠤᠢ‌‍ᠶᠢᠨ ᠶᠠᠯᠠᠲᠤ ᠠᠵᠢᠯᠯᠠᠭ᠎ᠠ‌‍ᠳᠤ ᠠᠩᠬᠠᠷᠤᠯ‌‍ᠢᠶ᠋ᠠᠨ ᠲᠥᠪᠯᠡᠷᠡᠭᠦᠯᠵᠦ᠂ ᠪᠦᠬᠦ ᠬᠤᠳᠠ‌‍ᠶᠢᠨ ᠡᠯ᠎ᠡ ᠡᠭᠦᠷᠭᠡ ᠴᠢᠳᠠᠪᠬᠢᠳᠦ ᠨᠢᠭᠡᠴᠡ‌‍ᠶᠢᠨ ᠠᠵᠤ ᠠᠬᠤᠢ‌‍ᠶᠢᠨ ᠶᠠᠯᠠᠲᠤ ᠠᠵᠢᠯᠯᠠᠭ᠎ᠠ‌‍ᠳᠤ ᠴᠣᠬᠢᠯᠲᠠ ᠥᠭᠬᠦ ᠪᠠ ᠰᠡᠷᠭᠡᠶᠢᠯᠡᠬᠦ ᠠᠵᠢᠯ‌‍ᠤᠨ ᠦᠷ᠎ᠡ ᠪᠦᠲᠦᠮᠵᠢ‌‍ᠶᠢ ᠪᠦᠬᠦ ᠲᠠᠯ᠎ᠠ‌‍ᠪᠠᠷ ᠢᠯᠡᠷᠡᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠤᠨ ᠡᠯ᠎ᠡ ᠨᠢᠭᠡᠴᠡ ᠶᠢᠨ ᠠᠵᠢᠯᠲᠠᠳ ᠤᠬᠠᠭᠤᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠡᠯᠭᠦᠭᠡ ᠪᠢᠴᠢᠭᠡᠰᠦ ᠡᠯᠭᠦᠬᠦ᠂ ᠲᠤᠬᠠᠶ ᠶᠢᠨ ᠲᠠᠯᠠᠪᠠᠢ ᠳᠤ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠬᠠᠨᠳᠤᠭᠤᠯᠤᠨ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠮᠡᠳᠡᠯᠭᠡ ᠶᠢ ᠲᠠᠨᠢᠯᠴᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠵᠤ᠂ ᠮᠡᠭᠡᠯᠡᠯ ᠢ ᠰᠡᠷᠭᠡᠶᠢᠯᠡᠬᠦ ᠮᠡᠳᠡᠯᠭᠡ ᠶᠢ ᠤᠯᠠᠮᠵᠢᠯᠠᠵᠤ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠨᠢ ᠪᠥᠬᠦ ᠲᠠᠯ᠎ᠠ ᠪᠠᠷ ᠴᠢᠩᠭᠠᠳᠬᠠᠪᠠ᠃    ᠣᠶᠢᠷ᠎ᠠ ᠶᠢᠨ ᠵᠢᠯ ᠠᠴᠠ ᠨᠠᠰᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠡᠷᠭᠡᠶᠢᠯᠡᠬᠦ ᠪᠠᠷ ᠭᠤᠤᠯ ᠪᠣᠯᠭᠠᠬᠤ᠂ ᠴᠣᠬᠢᠯᠲᠠ ᠥᠭᠬᠦ ᠰᠡᠷᠭᠡᠶᠢᠯᠡᠬᠦ ᠶᠢ ᠤᠶᠠᠯᠳᠤᠭᠤᠯᠬᠤ᠂ ᠴᠣᠬᠢᠯᠲᠠ ᠥᠭᠬᠦ ᠪᠠᠷ ᠰᠡᠷᠭᠡᠶᠢᠯᠡᠬᠦ ᠶᠢ ᠠᠬᠢᠭᠤᠯᠬᠤ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠡᠯ᠎ᠡ ᠲᠥᠷᠥᠯ ᠤᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ︽ᠵᠣᠭᠤᠰᠣᠨ ᠤᠭᠤᠲᠠ︾ ᠶᠢ ᠦᠨᠡᠨ ᠬᠦ ᠰᠠᠬᠢᠨ ᠬᠠᠮᠠᠭᠠᠯᠠᠵᠤ᠂ ᠬᠠᠷᠢᠶᠠᠲᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠬᠠᠮᠠᠭᠠᠯᠠᠪᠠ᠃    ︽ᠲᠠᠷᠠᠭᠠᠴᠢ ᠶᠢᠨ ᠠᠯᠬᠤᠮ ᠳᠤ᠂ ᠪᠢᠳᠡ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠪᠠᠷ ᠠᠵᠢᠯ ᠤᠨ ᠵᠣᠷᠢᠯᠲᠠ ᠪᠠ ᠲᠤᠰᠤᠯᠲᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠣᠯᠠᠨ ᠲᠦᠮᠡᠨ ᠲᠠᠢ ᠬᠤᠯᠪᠣᠭᠳᠠᠬᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢᠨ ᠰᠢᠨ᠎ᠡ ᠠᠷᠭ᠎ᠠ ᠪᠠᠷᠢᠯ᠂ ᠰᠢᠨ᠎ᠡ ᠪᠠᠰᠢᠷ ᠮᠡᠭᠡ ᠶᠢ ᠴᠠᠭ ᠲᠤᠬᠠᠶ ᠳᠤᠨᠢ ᠨᠡᠶᠢᠲᠡᠯᠡᠵᠦ᠂ ᠴᠢᠭ ᠠᠴᠠ ᠴᠢᠭ ᠲᠤ ᠵᠣᠬᠢᠴᠠᠭᠤᠯᠤᠨ ᠦᠢᠯᠡᠴᠢᠯᠡᠵᠦ᠂ ᠨᠢᠭᠡᠳ ᠨᠢᠭᠡ ᠪᠠᠷ ᠬᠠᠤᠯᠢ ᠶᠢ ᠲᠠᠶᠢᠯᠪᠤᠷᠢᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ᠂ ᠠᠷᠠᠳ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠲᠡᠮᠦᠷ ᠬᠡᠷᠡᠮ ᠪᠣᠯᠣᠳ ᠬᠠᠨ᠎ᠠ ᠶᠢ ᠪᠠᠶᠢᠭᠤᠯᠵᠤ ᠥᠭᠭᠦᠨ᠎ᠡ︾ ᠭᠡᠵᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠤ ᠠᠬᠤᠢ ᠶᠢᠨ ᠲᠠᠩᠨᠠᠨ ᠪᠠᠶᠢᠴᠠᠭᠠᠬᠤ ᠰᠠᠯᠪᠤᠷᠢ ᠠᠩᠬᠢ ᠶᠢᠨ ᠳᠡᠳ᠋ ᠳᠠᠷᠤᠭ᠎ᠠ ᠰᠦᠨ ᠶᠦᠩ ᠵᠢᠢ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号