ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2024 ᠣᠨ ᠤ 5 ᠳ᠋ᠤᠭᠠᠷ ᠤᠳᠠᠭᠠᠨ ᠤ ᠠᠵᠢᠯ ᠤᠨ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/17
     5 ᠰᠠᠷ᠎ᠠ ᠶᠢᠨ 16 ᠤ ᠡᠳᠦᠷ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2024 ᠣᠨ ᠤ 5 ᠳ᠋ᠤᠭᠠᠷ ᠤᠳᠠᠭᠠᠨ ᠤ ᠠᠵᠢᠯ ᠤᠨ ᠬᠤᠷᠠᠯ ᠵᠢᠴᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠲᠤᠬᠠᠢ ᠱᠠᠭᠠᠷᠳᠠᠯᠭ᠎ᠠ ᠪᠠ ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠦᠶ᠎ᠠ ᠶᠢᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠤᠰᠬᠠᠶ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠵᠢᠯ ᠡᠴᠠᠡ ᠨᠠᠰᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠰᠠᠷ ᠲᠤ ᠣᠷᠣᠭᠤᠯᠬᠤ ᠪᠤᠶᠤ ᠭᠡᠷ ᠲᠤ ᠣᠷᠣᠭᠤᠯᠵᠤ᠂ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠭᠰᠡᠨ ᠠᠴᠠ ᠪᠣᠯᠤᠭᠰᠠᠨ ᠭᠠᠯ ᠤᠨ ᠭᠠᠮᠰᠢᠭ ᠤᠨ ᠠᠳᠡᠯ ᠤᠳᠠᠭ᠎ᠠ ᠳᠠᠷᠠᠭᠠᠯᠠᠨ ᠭᠠᠷᠴᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠶ ᠬᠤᠬᠢᠷᠠᠭᠤᠯᠤᠭᠰᠠᠨ ᠪᠠᠶᠢᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠦᠳᠲᠡᠷ ᠲᠦᠷᠭᠡᠨ ᠬᠥᠳᠡᠯᠦᠯᠴᠡᠵᠦ᠂ ᠮᠠᠨ ᠤ ᠬᠤᠲᠠ ᠶᠢᠨ ᠴᠡᠭᠴᠡᠯᠡᠨ ᠵᠠᠰᠠᠬᠤ ᠲᠥᠰᠦᠯ ᠢᠶᠠᠨ ᠲᠦᠷᠭᠡᠬᠡᠨ ᠰᠤᠳᠤᠯᠤᠨ ᠲᠣᠭᠲᠠᠭᠠᠵᠤ᠂ ᠲᠤᠰᠬᠠᠶ ᠪᠠᠭ ᠢ ᠱᠠᠯᠠᠪᠳᠠᠨ ᠵᠣᠬᠢᠶᠠᠨ ᠪᠠᠶᠢᠭᠤᠯᠵᠤ᠂ ᠠᠵᠢᠯ ᠤᠨ ᠲᠣᠭᠲᠠᠴᠠ ᠪᠠᠶᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠪᠣᠷᠣᠯᠠᠭᠤᠯᠬᠤ᠂ ᠬᠡᠷᠡᠭᠯᠡᠬᠦ᠂ ᠵᠣᠭᠰᠣᠭᠠᠬᠤ᠂ ᠴᠠᠬᠢᠯᠭᠠᠨ ᠴᠡᠨᠡᠭᠯᠡᠬᠦ᠂ ᠬᠡᠷᠡᠭᠯᠡᠭᠡᠨ ᠠᠴᠠ ᠭᠠᠷᠭᠠᠬᠤ᠂ ᠡᠭᠡᠭᠦᠯᠦᠨ ᠬᠤᠷᠢᠶᠠᠬᠤ᠂ ᠨᠡᠶᠢᠯᠡᠭᠦᠯᠦᠨ ᠤᠭᠰᠠᠷᠠᠬᠤ ᠵᠡᠷᠭᠡ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠶᠢ ᠦᠨᠡᠨᠬᠦ ᠰᠠᠶᠢᠲᠤᠷ ᠠᠳᠬᠤᠵᠤ᠂ ᠴᠡᠭᠴᠡᠯᠡᠨ ᠵᠠᠰᠠᠬᠤ ᠡᠭᠦᠷᠭᠡ ᠶᠢ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠦᠶ᠎ᠡ ᠶᠢᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠯᠠ ᠮᠥᠩᠭᠦ ᠶᠢᠨ ᠢᠷᠡᠯᠲᠡ ᠶᠢ ᠪᠠᠲᠤᠯᠠᠬᠤ᠂ ᠪᠠᠯᠠ ᠮᠥᠩᠭᠦ ᠶᠢᠨ ᠵᠠᠷᠤᠯᠭ᠎ᠠ ᠶᠢ ᠰᠢᠯᠢᠳᠡᠭᠵᠢᠭᠦᠯᠬᠦ ᠵᠡᠷᠭᠡ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠵᠢᠯ ᠤᠨ ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯᠲᠠᠶ ᠬᠢᠮᠢ ᠶᠢᠨ ᠪᠣᠳᠠᠰ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠡᠮᠬᠢᠯᠡᠨ ᠣᠶᠢᠯᠠᠭᠠᠵᠤ᠂ ᠠᠵᠢᠯᠲᠠᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠳᠠ ᠶᠢᠨ ᠤᠳᠤᠷᠢᠳᠤᠯᠭ᠎ᠠ ᠭᠧᠩ ᠬᠠᠢ ᠵᠢᠶᠦ᠋ᠨ᠂ ᠭᠦᠸᠧ ᠢ ᠵᠢᠶᠧ᠂ ᠵᠠᠩ ᠸᠧᠢ ᠣᠷᠣᠯᠴᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号