ᠬᠤᠳᠠ ᠶᠢᠨ ᠵᠠᠰᠠᠭ ᠤᠨ ᠣᠷᠳᠣᠨ ᠤ 2024 ᠣᠨ ᠤ 11 ᠳ᠋ᠤᠭᠡᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/17
     5 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 11 ᠳ᠋ᠤᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠶ᠎ᠡ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠪᠦᠷᠢᠨᠰᠢᠬᠦᠯᠵᠦ᠂ ᠬᠢᠴᠢᠶᠡᠯ ᠤᠨ ᠰᠢᠰᠲ᠋ᠧᠮ ᠢᠶᠠᠨ ᠲᠡᠭᠦᠯᠳᠡᠷᠵᠢᠭᠦᠯᠵᠦ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢᠶᠠᠨ ᠪᠠᠶᠠᠯᠢᠭᠵᠢᠭᠤᠯᠵᠤ᠂ ᠪᠠᠭᠰᠢ ᠶᠢᠨ ᠡᠩᠨᠡᠭᠡ ᠪᠠᠨ ᠪᠠᠶᠢᠭᠤᠯᠤᠨ ᠬᠦᠴᠦᠷᠬᠡᠭᠵᠢᠭᠦᠯᠵᠦ᠂ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠬᠦ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠠᠶᠢᠯᠬᠤ ᠰᠡᠳᠬᠢᠬᠦᠢ᠂ ᠥᠭᠡᠷᠡᠴᠢᠯᠡᠯᠲᠡ ᠶᠢᠨ ᠠᠷᠭ᠎ᠠ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ ᠶᠢ ᠴᠢᠳᠠᠮᠠᠭᠠᠢ ᠬᠡᠷᠡᠭᠯᠡᠵᠦ᠂ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠵᠤ ᠠᠬᠤᠢ᠂ ᠠᠮᠢ ᠠᠬᠤᠢ ᠵᠡᠷᠭᠡ ᠬᠦᠷᠢᠶᠡᠨ ᠤ ᠣᠨ ᠤ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠨ ᠠᠬᠢᠭᠤᠯᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠣᠯ ᠨᠢᠭᠡ ᠭᠠᠵᠠᠷ ᠣᠷᠣᠨ ᠤ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠬᠡᠮᠵᠢᠬᠦ ᠴᠢᠬᠤᠯᠠ ᠭᠦᠢᠴᠡᠳᠬᠡᠯ ᠲᠤᠭ᠎ᠠ ᠪᠣᠯᠤᠨ᠎ᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ 2023 ᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠢ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠲᠤ ᠬᠦᠷᠳᠡᠯ᠎ᠡ ᠨᠠᠷᠢᠯᠢᠬᠵᠢᠭᠤᠯᠤᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ᠶᠢ ᠨᠠᠷᠢᠨ ᠬᠢᠨᠠᠮᠠᠭᠠᠶ ᠰᠤᠳᠤᠯᠵᠤ᠂ ᠵᠦᠪ ᠣᠨᠣᠪᠴᠢᠲᠠᠶ ᠨᠡᠪᠲᠡᠷᠡᠲᠡᠯ᠎ᠡ ᠣᠶᠢᠯᠠᠭᠠᠨ᠂ ᠰᠠᠨᠠᠭᠠᠴᠢᠯᠠᠭ᠎ᠠ ᠠᠴᠠ ᠪᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠭᠵᠢᠷᠡᠯ ᠢ ᠡᠪᠳᠡᠨ᠂ ᠲᠡᠷᠢᠭᠦᠨ ᠤ ᠭᠦᠢᠴᠡᠳᠬᠡᠯ ᠲᠤᠭ᠎ᠠ ᠶᠢ ᠪᠠᠬᠢᠵᠢᠭᠦᠯᠦᠨ ᠪᠠᠲᠤᠯᠠᠵᠤ᠂ ᠲᠤᠮᠳᠠ ᠵᠡᠷᠭᠡ ᠶᠢᠨ ᠭᠦᠢᠴᠡᠳᠬᠡᠯ ᠲᠤᠭ᠎ᠠ ᠶᠢ ᠲᠠᠰ ᠳᠡᠪᠰᠢᠭᠦᠯᠵᠦ᠂ ᠬᠤᠴᠣᠷᠤᠩᠭᠤᠶ ᠬᠦᠢᠴᠡᠳᠬᠡᠯ ᠲᠤᠭ᠎ᠠ ᠶᠢ ᠡᠷᠡᠯᠬᠡᠭᠯᠡᠨ ᠤᠷᠤᠭᠰᠢᠯᠠᠭᠤᠯᠵᠤ᠂ ᠮᠠᠨ ᠤ ᠬᠤᠲᠠ ᠶᠢᠨ ᠡᠨᠡ ᠵᠢᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠢᠨᠠᠨ ᠰᠢᠯᠭᠠᠬᠤ ᠳᠤᠮᠳᠠ ᠨᠠᠩ ᠰᠠᠶᠢᠨ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ︾ ᠯᠦᠭᠡ ᠪᠠᠷᠢᠮᠵᠢᠶᠠᠯᠠᠨ ᠬᠠᠷᠭᠤᠭᠤᠯᠵᠤ᠂ ᠮᠠᠨ ᠤ ᠬᠤᠲᠠ ᠶᠢᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠱᠠᠯᠠᠪᠳᠠᠨ ᠲᠣᠭᠲᠠᠭᠠᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠬᠠᠮᠵᠢᠯᠴᠠᠭ᠎ᠠ ᠪᠠᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠡᠯ᠎ᠡ ᠵᠦᠢᠯ ᠤᠨ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠨᠳᠥᠷ ᠲᠦᠪᠰᠢᠨ ᠢᠶᠠᠷ ᠠᠬᠢᠭᠤᠯᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠵᠠᠰᠠᠭ ᠤᠨ ᠣᠷᠳᠣᠨ ᠤ ᠠᠵᠢᠯ ᠤᠨ ᠴᠢᠬᠤᠯᠠ ᠵᠥᠪᠯᠡᠬᠦ ᠵᠦᠢᠯᠡᠰ ᠲᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠠᠩᠭᠠᠯᠭ᠎ᠠ ᠪᠠᠨ ᠴᠢᠩᠭᠠᠳᠬᠠᠵᠤ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠬᠦ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠠᠶᠢᠲᠤᠷ ᠡᠷᠬᠢᠯᠡᠬᠦ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠠᠮᠠᠭᠠᠯᠠᠨ ᠤᠯᠠᠮᠵᠢᠯᠠᠵᠤ᠂ ᠬᠠᠳᠤᠨ ᠭᠤᠣᠯ ᠤᠨ ᠰᠣᠶᠣᠯ ᠤᠨ ᠮᠦᠽᠧᠢ᠂ ᠵᠤᠰᠣᠲᠤ ᠶᠢᠨ ᠭᠤᠤᠯ ᠤᠨ ᠬᠠᠳᠠᠨ ᠵᠢᠷᠤᠭ ᠤᠨ ᠪᠠᠭᠤᠷᠢ ᠶᠢᠨ ᠮᠦᠽᠧᠢ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ︽ᠤᠷᠭᠤᠮᠠᠯ ᠤᠨ ᠫᠣᠮᠫᠸᠢ ᠬᠤᠳᠠ︾ ᠶᠢ ᠬᠠᠮᠠᠭᠠᠯᠠᠬᠤ ᠰᠤᠳᠤᠯᠭᠠᠨ ᠪᠠ ᠨᠡᠭᠡᠭᠡᠨ ᠠᠰᠢᠭᠯᠠᠯᠲᠠ ᠶᠢ ᠰᠠᠶᠢᠲᠤᠷ ᠠᠳᠬᠤᠵᠤ᠂ ᠮᠠᠨ ᠤ ᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠵᠡᠷᠭᠡ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠬᠠᠶ ᠬᠤᠲᠠ ᠶᠢᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠵᠤ ᠰᠡᠷᠭᠦᠭᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠦᠬᠠᠶ ᠬᠤᠲᠠ ᠶᠢᠨ ᠴᠢᠳᠠᠪᠤᠷᠢᠲᠠᠨ ᠢᠶᠠᠷ ᠡᠨᠧᠷᠭᠢ ᠣᠯᠭᠤᠵᠣ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ ᠤᠨ ᠲᠤᠬᠠᠶ ᠠᠷᠭ᠎ᠠ ᠬᠡᠮᠵᠢᠶ᠎ᠡ ᠨᠦᠭᠦᠳ︾ ︽ᠦᠬᠠᠶ ᠬᠤᠲᠠ ᠶᠢᠨ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠨ ᠪᠠᠲᠤᠯᠠᠵᠤ᠂ ᠪᠤᠰᠣᠳ ᠬᠤᠯᠪᠤᠭᠳᠠᠯ ᠪᠦᠬᠦᠢ ᠵᠦᠢᠯᠡᠰ ᠢ ᠰᠣᠳᠣᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号