2024 ᠣᠨ ᠤ ︽5·19︾ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠦᠬᠠᠶ ᠶᠢᠨ ᠬᠤᠪᠢᠶᠠᠷᠢ ᠬᠤᠷᠠᠯ ᠤᠨ ᠲᠠᠯᠠᠪᠠᠶ ᠵᠢᠴᠢ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠤᠯ ᠰᠡᠳᠦᠪᠲᠦ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 19 ᠤ ᠡᠳᠦᠷ᠂ 2024 ᠣᠨ ᠤ ︽5·19︾ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠤᠨ ᠦᠬᠠᠶ ᠶᠢᠨ ᠬᠤᠪᠢᠶᠠᠷᠢ ᠬᠤᠷᠠᠯ ᠤᠨ ᠲᠠᠯᠠᠪᠠᠶ ᠵᠢᠴᠢ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠤᠯ ᠰᠡᠳᠦᠪᠲᠦ ᠠᠵᠢᠯᠯᠠᠭ᠎ᠠ ᠡᠬᠢᠯᠡᠪᠡ᠃      ᠡᠨᠡ ᠵᠢᠯ ᠪᠣᠯ 14 ᠳ᠋ᠣᠭᠡᠷ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠪᠣᠯᠤᠨ᠎ᠠ᠂ ᠲᠣᠰ ᠤᠳᠠᠭᠠᠨ ᠤ ᠠᠵᠢᠯᠯᠠᠭ᠎ᠠ ᠨᠢ ︽ᠲᠠᠷᠢᠶᠠᠯᠠᠩ ᠰᠣᠶᠣᠯ ᠵᠢᠭᠤᠯᠴᠢᠯᠠᠯ︾ ᠢ ᠠᠭᠤᠰᠤᠯᠴᠠᠭᠤᠯᠬᠤ ᠪᠠᠷ ᠠᠵᠠ ᠲᠣᠬᠢᠶᠠᠯ ᠪᠣᠯᠭᠠᠵᠤ᠂ ︽ᠦᠬᠠᠶ ᠳᠤ ᠲᠠᠭᠠᠳᠠᠶᠢᠬᠠᠨ ᠵᠤᠭᠠᠴᠠᠵᠤ  ᠵᠣᠯ ᠵᠢᠷᠭᠠᠯᠲᠤ ᠠᠮᠢᠳᠤᠷᠠᠯ ᠢ ᠡᠳ᠋ᠯᠡᠶ᠎ᠡ︾ ᠬᠡᠬᠦ ᠭᠤᠤᠯ ᠰᠡᠳᠦᠪ ᠤᠨ ᠲᠣᠭᠤᠷᠢᠨ ᠳᠤ᠂ ᠭᠠᠵᠠᠷ ᠣᠷᠣᠨ ᠤ ᠣᠨᠴᠠᠯᠢᠭ ᠲᠠᠢ ᠪᠡᠶ᠎ᠡ ᠶᠢᠨ ᠲᠠᠮᠢᠷ ᠤᠨ ᠤᠷᠤᠯᠳᠤᠭᠠᠨ᠂ ᠰᠣᠶᠣᠯ ᠵᠢᠭᠤᠯᠴᠢᠯᠠᠯ ᠤᠨ ᠦᠢᠯᠡᠳᠬᠦᠨ ᠪᠠ ᠦᠵᠡᠮᠵᠢ ᠶᠢᠨ ᠣᠷᠣᠨ ᠢ ᠲᠠᠰᠤᠷᠠᠯᠲᠠ ᠥᠬᠡᠶ ᠳᠡᠯᠭᠡᠷᠡᠭᠦᠯᠵᠦ᠂ ᠮᠠᠨ ᠤ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ︽2024 ᠣᠨ ᠤ ᠦᠬᠠᠢ ᠶᠢᠨ ᠤᠬᠠᠭᠤᠯᠭ᠎ᠠ ᠶᠢᠨ ᠹᠢᠯᠢᠮ︾ ᠢ ᠨᠡᠶᠢᠲᠡᠯᠡᠵᠦ᠂ 2024 ᠣᠨ ᠤ ᠮᠠᠨ ᠤ ᠬᠤᠳᠠ ᠶᠢᠨ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠯᠥᠪᠯᠡᠭᠡ ᠶᠢ ᠨᠡᠶᠢᠲᠡᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠦᠢᠯᠡᠴᠢᠯᠡᠭᠡᠨ ᠤ ᠬᠤᠳᠠᠯᠳᠤᠭᠠᠴᠢᠨ ᠳᠤ ᠦᠨᠡᠮᠯᠡᠯ ᠣᠯᠭᠤᠪᠡ᠃      ᠲᠣᠰ ᠤᠳᠠᠭᠠᠨ ᠤ ᠠᠵᠢᠯᠯᠠᠭ᠎ᠠ ᠪᠣᠯ ᠮᠠᠨ ᠤ ᠬᠤᠲᠠ ᠶᠢᠨ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠲᠤ ᠴᠢᠭᠯᠡᠭᠦᠯᠦᠨ ᠥᠷᠨᠢᠭᠦᠯᠦᠭᠰᠡᠨ ᠨᠢᠭᠡ ᠤᠳᠠᠭᠠᠨ ᠤ ᠵᠢᠭᠤᠯᠴᠢᠯᠠᠯ ᠤᠨ ᠦᠪᠡᠳᠡᠭᠰᠢ ᠴᠤᠭᠯᠠᠭᠠᠨ ᠪᠣᠯᠬᠤ ᠪᠥᠭᠡᠳ ᠮᠠᠨ ᠤ ᠬᠤᠲᠠ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠬᠤ ᠢᠳᠡᠪᠬᠢᠲᠡᠶ ᠠᠷᠭ᠎ᠠ ᠬᠡᠮᠵᠢᠶ᠎ᠡ ᠪᠣᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号