2024— 2025 ᠣᠨ ᠤ ᠦᠬᠠᠶ ᠬᠤᠲᠠ ᠶᠢᠨ ︽ᠬᠤᠲᠠ ᠶᠢᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 18 ᠤ ᠡᠳᠦᠷ᠂ 2024— 2025 ᠣᠨ ᠤ ᠦᠬᠠᠶ ᠬᠤᠲᠠ ᠶᠢᠨ ︽ᠬᠤᠲᠠ ᠶᠢᠨ ᠳᠠᠷᠤᠭ᠎ᠠ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠡᠬᠢᠯᠡᠪᠡ᠃      ᠲᠣᠰ ᠤᠳᠠᠭᠠᠨ ᠤ ᠤᠷᠤᠯᠳᠤᠭᠠᠨ 6 ᠡᠳᠦᠷ ᠶᠠᠪᠤᠭᠳᠠᠵᠤ᠂ ᠪᠥᠬᠦ ᠬᠤᠲᠠ ᠶᠢᠨ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ 37 ᠲᠥᠯᠥᠭᠡᠯᠡᠭᠴᠢᠳ ᠤᠨ ᠠᠩᠭᠢ᠂ 600 ᠭᠠᠷᠤᠶ ᠲᠠᠮᠢᠷᠴᠢᠨ ᠤᠷᠤᠯᠳᠤᠭᠠᠨ ᠳᠤ ᠣᠷᠣᠯᠴᠠᠪᠠ᠃ ᠨᠠᠩ ᠣᠯᠠᠨ ᠬᠡᠤᠬᠡᠳ ᠤᠨ ᠬᠥᠯ ᠪᠥᠮᠪᠦᠭᠡ  ᠶᠢᠨ ᠬᠦᠳᠡᠯᠭᠡᠭᠡᠨ ᠳᠤ ᠳᠤᠷᠠᠲᠠᠶ᠂ ᠬᠥᠯ ᠪᠥᠮᠪᠦᠭᠡ ᠶᠢᠨ ᠬᠦᠳᠡᠯᠭᠡᠭᠡᠨ ᠳᠤ ᠣᠷᠣᠯᠴᠠᠬᠤ᠂ ᠬᠥᠯ ᠪᠥᠮᠪᠦᠭᠡ ᠶᠢᠨ ᠬᠦᠳᠡᠯᠭᠡᠭᠡᠨ ᠠᠴᠠ ᠣᠯᠭᠤᠭᠰᠠᠨ ᠲᠠᠭᠠᠰᠢᠶᠠᠯ ᠭᠥᠷᠳᠡᠬᠦ ᠶᠢ ᠵᠣᠷᠢᠭᠵᠢᠭᠤᠯᠵᠤ᠂ ︽ᠴᠢᠷᠮᠠᠶᠢᠨ ᠲᠡᠮᠡᠴᠡᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠬᠥᠯ ᠪᠥᠮᠪᠦᠭᠡ ᠶᠢᠨ ᠵᠣᠷᠢᠭ ᠰᠠᠨᠠᠭ᠎ᠠ ᠶᠢ ᠰᠤᠷᠤᠯᠴᠠᠯᠭ᠎ᠠ᠂ ᠠᠮᠢᠳᠤᠷᠠᠯ ᠤᠨ ᠳᠤᠮᠳᠠ  ᠪᠠᠨ ᠲᠤᠤᠱᠯᠠᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠢᠨ᠎ᠡ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠳᠡᠯᠭᠡᠭᠡᠨ ᠤ ᠥᠷᠨᠢᠨ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号