ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠵᠢᠷᠭᠤᠳᠤᠭᠠᠷ ᠣᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 6 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠯᠦᠭᠡ ᠤᠶᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠢᠴᠢ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ ᠨᠡᠷ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠲᠤᠭ᠎ᠠ ᠪᠠᠷᠢᠮᠲᠠ ᠶᠢ ᠪᠦᠷᠢᠳᠭᠡᠬᠦ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠲᠤᠭ᠎ᠠ ᠪᠠᠷᠢᠮᠲᠠ ᠶᠢ ᠬᠢᠨᠠᠨ ᠬᠡᠮᠵᠢᠬᠦ ᠪᠠ ᠵᠠᠳᠠᠯᠤᠨ ᠰᠤᠳᠤᠯᠬᠤ ᠪᠠᠨ ᠴᠢᠩᠭᠠᠳᠬᠠᠵᠤ᠂ ᠴᠢᠨᠠᠷ ᠰᠠᠶᠢᠲᠠᠢ ᠲᠤᠭ᠎ᠠ ᠪᠦᠷᠢᠳᠭᠡᠯ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠤᠯᠤᠰ ᠲᠥᠷᠥ ᠶᠢᠨ ᠰᠢᠨᠵᠢ ᠴᠢᠨᠠᠷ ᠢ ᠳᠣᠪᠤᠶᠢᠯᠭᠠᠵᠤ᠂ ᠲᠤᠭ᠎ᠠ ᠪᠦᠷᠢᠳᠬᠡᠯ ᠤᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠤᠭ᠎ᠠ ᠪᠦᠷᠢᠳᠬᠡᠯ ᠤᠨ ᠬᠠᠤᠯᠢ︾ ᠵᠡᠷᠭᠡ ᠲᠤᠭ᠎ᠠ ᠪᠦᠷᠢᠳᠬᠡᠯ ᠤᠨ ᠬᠦᠷᠢᠶᠡᠨ ᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠨᠡᠪᠲᠡᠷᠡᠲᠡᠯ᠎ᠡ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠨ ᠵᠠᠰᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠤᠭ᠎ᠠ ᠪᠦᠷᠢᠳᠬᠡᠯ ᠤᠨ ᠬᠢᠨᠠᠨ ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠡᠵᠡᠮᠳᠡᠯ  ᠢᠶᠠᠨ ᠴᠢᠩᠭᠠᠳᠬᠠᠵᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠦᠬᠦ ᠶᠠᠪᠤᠴᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ  ᠢᠶᠠᠨ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠬᠢᠨᠠᠨ ᠬᠡᠮᠵᠢᠵᠦ ᠵᠠᠳᠠᠯᠤᠯᠲᠠ ᠬᠢᠬᠦ ᠪᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠠᠭᠤᠳᠠᠯᠵᠤ ᠡᠮᠬᠢᠯᠡᠨ ᠨᠡᠶᠢᠯᠡᠭᠦᠯᠬᠦ ᠪᠠ ᠵᠠᠳᠠᠯᠤᠨ ᠬᠢᠨᠠᠨ ᠬᠡᠮᠵᠢᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠤᠭ᠎ᠠ ᠪᠦᠷᠢᠳᠬᠡᠯ ᠤᠨ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠡᠭᠦᠨ ᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠨ ᠨᠢᠭᠡ ᠴᠤᠭᠴᠠᠵᠢᠭᠤᠯᠤᠨ ᠠᠬᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠰᠤᠷᠲᠠᠯ ᠢᠶᠠᠨ ᠬᠤᠪᠢᠷᠠᠭᠤᠯᠵᠤ᠂ ᠲᠦᠷᠢᠮ ᠲᠣᠭᠲᠠᠭᠠᠯ ᠲᠣᠭᠲᠠᠭᠠᠨ ᠦᠷ᠎ᠡ ᠪᠦᠲᠦᠮᠵᠢ ᠪᠠᠨ ᠪᠠᠬᠢᠵᠢᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠳᠤ ᠬᠡᠪ ᠰᠤᠷᠲᠠᠯ ᠪᠣᠯᠭᠠᠬᠤ ᠬᠡᠷᠡᠭᠲᠡᠢ ᠭᠡᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠬᠠᠭᠤᠴᠢ ᠰᠤᠳᠤᠯᠤᠯ ᠤᠨ ᠦᠯᠡᠳᠡᠭᠳᠡᠯ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠰᠤᠳᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠰᠣᠶᠣᠯ ᠤᠨ ᠥᠪ ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ  ᠶᠢᠨ ᠠᠵᠢᠯᠴᠢᠨ ᠠᠩᠭᠢ ᠪᠣᠯᠤᠨ ᠠᠵᠢᠯᠴᠢᠨ ᠤ ᠡᠪᠯᠡᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾ ᠳᠤ ᠢᠳᠡᠪᠬᠢᠲᠡᠶ ᠣᠷᠣᠯᠴᠠᠭᠤᠯᠵᠤ᠂ ᠮᠠᠨ ᠤ ᠬᠤᠲᠠ ᠶᠢᠨ ︽ᠭᠤᠷᠪᠠᠨ ᠴᠢᠨᠠᠷ ᠰᠠᠶᠢᠳᠠᠢ︾ ᠬᠠᠷᠠᠯᠲᠠ ᠶᠢ ᠪᠡᠶᠡᠯᠡᠭᠦᠯᠬᠦ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠠᠮᠤᠭ ᠤᠨ ᠰᠢᠨ᠎ᠡ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠮᠥᠷᠳᠡᠨ ᠰᠤᠷᠤᠯᠴᠠᠵᠤ᠂ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠪᠠᠶᠢᠴᠠᠭᠠᠨ ᠰᠣᠳᠣᠯᠣᠯᠳᠠ ᠶᠢ ᠪᠣᠳᠠᠲᠠᠢ ᠠᠳᠬᠤᠵᠤ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠪᠣᠳᠠᠲᠠᠢ ᠶᠢ ᠡᠷᠬᠢᠮᠯᠡᠨ ᠪᠤᠳᠠᠳᠠᠢ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号