ᠬᠤᠸᠠᠩ ᡁᠢ ᠴᠢᠶᠠᠩ ᠠᠭᠤᠷᠬᠠᠶ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠪᠠ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠲᠤᠬᠠᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/5/20
     5 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠷᠳᠣᠰ ᠬᠤᠲᠠ᠂ ᠦᠬᠠᠶ ᠬᠤᠲᠠ ᠳᠤ ᠠᠭᠤᠷᠬᠠᠶ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠪᠠ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠲᠤᠬᠠᠢ ᠬᠢᠨᠠᠨ ᠵᠢᠯᠣᠭᠤᠳᠪᠠ᠃      ᠬᠤᠸᠠᠩ ᡁᠢ ᠴᠢᠶᠠᠩ ᠭᠤᠣᠯᠳᠠᠯᠭ᠎ᠠ ᠲᠠᠢ ᠠᠭᠤᠷᠬᠠᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ᠂ ᠠᠶᠤᠯᠲᠠᠢ ᠬᠢᠮᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠠᠩᠬᠠᠷᠣᠯ ᠢᠶᠠᠨ ᠰᠠᠶᠢᠲᠤᠷ ᠲᠦᠪᠯᠡᠷᠡᠭᠦᠯᠵᠦ︾᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠭᠤᠷᠬᠠᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ᠂ ᠠᠶᠤᠯᠲᠠᠢ ᠬᠢᠮᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠡᠷᠭᠡ ᠱᠠᠭᠠᠷᠳᠠᠯᠭ᠎ᠠ ᠶᠢ ︽ᠨᠢᠭᠡᠳ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ︾ ᠬᠡᠷᠡᠭᠲᠡᠢ᠃ ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ ᠵᠠᠰᠠᠬᠤ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ︽ᠮᠠᠯᠲᠠᠬᠤ ᠶᠢᠨ ᠲᠥᠯᠥᠭᠡ ᠵᠠᠰᠠᠬᠤ︾ ︽ᠣᠷᠢᠳᠠᠪᠡᠷ ᠮᠠᠯᠲᠠᠵᠤ ᠳᠠᠷᠠᠭ᠎ᠠ ᠨᠢ ᠵᠠᠰᠠᠬᠤ︾ ᠶᠢ ᠡᠷᠡᠰ ᠬᠤᠷᠢᠭᠯᠠᠵᠤ᠂ ᠬᠢᠨᠠᠯᠲᠠ ᠬᠠᠮᠢᠶᠠᠷᠤᠯᠲᠠ ᠶᠢᠨ ᠪᠦᠬᠦ ᠬᠡᠯᠬᠢᠶ᠎ᠡ ᠶᠢ ᠡᠷᠡᠰ ᠴᠢᠩᠭᠠᠳᠬᠠᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢ ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ︽ᠪᠠᠷᠢᠮᠵᠢᠶ᠎ᠠ ᠪᠠᠨ ᠳᠡᠭᠡᠭᠰᠢᠯᠡᠭᠦᠯᠬᠦ︾ ᠠᠵᠢᠯᠯᠠᠭ᠎ᠠ ᠶᠢ ᠱᠠᠯᠠᠪᠳᠠᠨ ᠥᠷᠨᠢᠭᠦᠯᠵᠦ᠂ ᠠᠵᠤ ᠠᠬᠤᠶᠢᠯᠠᠯ ᠤᠨ ᠭᠠᠯ ᠤᠨᠲᠠᠷᠠᠭᠠᠬᠤ ᠡᠩᠨᠡᠭᠡ ᠶᠢ ᠪᠦᠷᠢᠨ ᠭᠦᠢᠴᠡᠳ ᠳᠣᠭᠢᠷᠠᠭᠤᠯᠤᠨ ᠬᠦᠴᠦᠷᠬᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠲᠦᠷᠭᠡᠬᠡᠨ ᠳᠡᠭᠡᠭᠰᠢᠯᠡᠭᠦᠯᠵᠦ᠂ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号