ᠡᠮᠡᠭᠳᠠᠶᠢᠴᠦᠳ ᠤᠨ ᠡᠷᠭᠡ ᠠᠰᠢᠭ ᠢ ᠪᠠᠳᠤᠯᠠᠬᠤ ᠬᠠᠤᠯᠢ ︵ᠭᠤᠷᠪᠠ︶
ᠨᠡᠶᠢᠲᠡᠯᠡᠭᠰᠡᠨ ᠴᠠᠭ᠄
2024/5/20
     ᠨᠠᠢᠮᠠᠳᠤᠭᠠᠷ ᠪᠦᠯᠦᠭ᠂ ᠬᠠᠤᠯᠢ ᠶᠢᠨ ᠬᠠᠷᠢᠭᠤᠴᠠᠯᠭ᠎ᠠ      ᠲᠠᠪᠢᠨ ᠬᠤᠶᠠᠳᠤᠭᠠᠷ ᠵᠦᠢᠯ᠂ ᠡᠮᠡᠭᠲᠠᠶᠢᠴᠦᠳ ᠤᠨ ᠬᠠᠤᠯᠢ ᠶᠤᠰᠤᠨ ᠤ ᠡᠷᠭᠡ ᠠᠰᠢᠭ ᠬᠦᠨᠦᠭᠡᠯ ᠳᠤ ᠤᠴᠠᠷᠠᠭᠰᠠᠨ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠱᠠᠭᠠᠷᠳᠠᠵᠦ ᠬᠠᠤᠯᠢ ᠶᠤᠰᠤᠭᠠᠷ ᠰᠢᠢᠳᠪᠤᠷᠢᠯᠡᠬᠦᠯᠬᠦ᠂ ᠡᠰᠡᠬᠦᠯ᠎ᠡ ᠬᠠᠤᠯᠢ ᠶᠤᠰᠤᠭᠠᠷ ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠳᠤ ᠬᠦᠨᠳᠡᠯᠡᠨ ᠠᠴᠠ ᠲᠠᠰᠤᠯᠤᠭᠤᠯᠬᠤ  ᠪᠠᠷ ᠭᠤᠶᠤᠴᠢᠯᠠᠬᠤ᠂ ᠡᠰᠡᠬᠦᠯ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠬᠤ ᠡᠷᠭᠡ ᠲᠠᠢ᠃ ᠠᠵᠦ ᠠᠮᠢᠳᠤᠷᠠᠯ ᠨᠢ ᠬᠦᠴᠢᠷᠳᠠᠯ ᠲᠠᠢ ᠠᠴᠠ ᠪᠤᠯᠵᠦ ᠬᠠᠤᠯᠢ ᠴᠠᠭᠠᠵᠠ ᠶᠢᠨ ᠲᠡᠮᠵᠢᠯᠭᠡ ᠪᠤᠶᠤ ᠬᠠᠤᠯᠢ ᠴᠠᠭᠠᠵᠠ ᠶᠢᠨ ᠲᠤᠰᠠᠯᠠᠮᠵᠢ ᠬᠦᠷᠳᠡᠬᠦ ᠴᠢᠬᠤᠯᠠᠲᠠᠢ ᠡᠮᠡᠭᠲᠠᠶᠢᠴᠦᠳ ᠲᠤ ᠲᠤᠬᠠᠢ ᠶᠢᠨ ᠭᠠᠵᠠᠷ ᠤᠨ ᠬᠠᠤᠯᠢ ᠴᠠᠭᠠᠵᠠ ᠶᠢᠨ ᠲᠡᠮᠵᠢᠯᠭᠡ ᠶᠢᠨ ᠪᠠᠶᠢᠭᠤᠯᠤᠮᠵᠢ ᠪᠤᠶᠤ ᠠᠷᠠᠳ ᠤᠨ ᠰᠢᠬᠦᠬᠦ ᠬᠤᠷᠢᠶᠠᠨ ᠠᠴᠠ ᠬᠠᠪᠰᠤᠷᠤᠯᠭ᠎ᠠ ᠦᠵᠡᠬᠦᠯᠵᠦ᠂ ᠬᠠᠤᠯᠢ ᠶᠤᠰᠤᠭᠠᠷ ᠲᠡᠬᠦᠨ ᠳᠤ ᠬᠠᠤᠯᠢ ᠴᠠᠭᠠᠵᠠ ᠶᠢᠨ ᠲᠡᠮᠵᠢᠯᠭᠡ ᠪᠤᠶᠤ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠬᠡᠷᠡᠭᠲᠠᠢ᠃      ᠲᠠᠪᠢᠨ ᠭᠤᠷᠪᠠᠳᠤᠭᠠᠷ ᠵᠦᠢᠯ᠂ ᠡᠮᠡᠭᠲᠠᠶᠢᠴᠦᠳ ᠤᠨ ᠬᠠᠤᠯᠢ ᠶᠤᠰᠤᠨ ᠤ ᠡᠷᠭᠡ ᠠᠰᠢᠭ ᠬᠦᠨᠦᠭᠡᠯ ᠳᠤ ᠤᠴᠠᠷᠠᠭᠰᠠᠨ ᠪᠠᠶᠢᠪᠠᠯ᠂ ᠡᠮᠡᠭᠲᠠᠶᠢᠴᠦᠳ ᠤᠨ ᠵᠤᠬᠢᠶᠠᠨ ᠪᠠᠶᠢᠭᠤᠯᠤᠯᠳᠠ ᠳᠤ ᠵᠠᠭᠠᠯᠳᠤᠵᠦ ᠪᠤᠯᠤᠨ᠎ᠠ᠂ ᠡᠮᠡᠭᠲᠠᠶᠢᠴᠦᠳ ᠤᠨ ᠵᠤᠬᠢᠶᠠᠨ ᠪᠠᠶᠢᠭᠤᠯᠤᠯᠳᠠ ᠨᠢ ᠬᠦᠨᠦᠭᠡᠯ ᠳᠤ ᠤᠴᠠᠷᠠᠭᠰᠠᠨ ᠡᠮᠡᠭᠲᠠᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠦ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠶᠤ ᠨᠢᠭᠡᠴᠡ ᠶᠢ ᠱᠠᠭᠠᠷᠳᠠᠬᠤ ᠪᠠ ᠬᠠᠮᠵᠢᠨ ᠪᠠᠶᠢᠴᠠᠭᠠᠨ ᠰᠢᠢᠳᠪᠤᠷᠢᠯᠡᠬᠦ ᠡᠷᠭᠡ ᠲᠠᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠶᠤ ᠨᠢᠭᠡᠴᠡ ᠨᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠭᠡᠳ  ᠬᠠᠷᠢᠭᠤᠯᠳᠠ ᠦᠭᠬᠦ ᠬᠡᠷᠡᠭᠲᠠᠢ᠃      ᠲᠠᠪᠢᠨ ᠲᠦᠷᠪᠡᠲᠦᠭᠡᠷ ᠵᠦᠢᠯ᠂ ᠬᠦᠨᠦᠭᠡᠯ ᠠᠮᠰᠠᠭᠰᠠᠨ ᠡᠮᠡᠭᠲᠠᠢ ᠶᠢᠨ ᠵᠠᠷᠭᠤ ᠶᠢ ᠬᠠᠪᠰᠤᠷᠬᠤ ᠴᠢᠬᠤᠯᠠᠲᠠᠢ ᠪᠠᠶᠢᠪᠠᠯ᠂ ᠡᠮᠡᠭᠲᠠᠶᠢᠴᠦᠳ ᠤᠨ ᠵᠤᠬᠢᠶᠠᠨ ᠪᠠᠶᠢᠭᠤᠯᠤᠯᠳᠠ ᠠᠴᠠ ᠲᠡᠮᠵᠢᠯᠭᠡ ᠦᠵᠡᠬᠦᠯᠬᠦ ᠬᠡᠷᠡᠭᠲᠠᠢ᠃ ᠡᠮᠡᠭᠲᠠᠶᠢᠴᠦᠳ ᠤᠨ ᠬᠤᠯᠪᠤᠭᠠᠳᠦ ᠬᠤᠷᠠᠯ ᠪᠤᠶᠤ ᠡᠮᠡᠭᠲᠠᠶᠢᠴᠦᠳ ᠤᠨ ᠬᠠᠮᠢᠶ᠎ᠠ ᠪᠦᠬᠦᠢ ᠵᠤᠬᠢᠶᠠᠨ ᠪᠠᠶᠢᠭᠤᠯᠤᠯᠳᠠ ᠠᠴᠠ ᠡᠮᠡᠭᠲᠠᠶᠢᠴᠦᠳ ᠤᠨ ᠤᠨᠴᠠᠭᠠᠢ ᠬᠠᠮᠳᠤᠯᠢᠭ ᠤᠨ ᠠᠰᠢᠭ ᠲᠤᠰᠠ ᠶᠢ ᠬᠦᠨᠦᠭᠡᠭᠰᠡᠨ ᠠᠵᠢᠯᠯᠠᠭ᠎ᠠ ᠶᠢ ᠤᠯᠠᠨ ᠨᠡᠶᠢᠳᠡ ᠶᠢᠨ ᠵᠠᠭᠤᠴᠢᠯᠠᠭᠤᠷ ᠢᠶᠠᠷ ᠲᠠᠮᠵᠢᠭᠤᠯᠤᠨ ᠢᠯᠡᠴᠢᠯᠡᠨ ᠰᠢᠬᠦᠮᠵᠢᠯᠡᠬᠦ ᠶᠢᠨ ᠬᠠᠮᠳᠦ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠱᠠᠭᠠᠷᠳᠠᠵᠦ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦᠯᠬᠦ ᠡᠷᠭᠡ ᠲᠠᠢ᠃      ᠲᠠᠪᠢᠨ ᠲᠠᠪᠤᠳᠤᠭᠠᠷ ᠵᠦᠢᠯ᠂ ᠲᠤᠰ ᠬᠠᠤᠯᠢ ᠶᠢᠨ ᠲᠤᠭᠳᠠᠭᠠᠯ ᠢ ᠵᠦᠷᠢᠴᠡᠨ᠂ ᠡᠮᠡᠭᠲᠠᠶᠢᠴᠦᠳ ᠤᠨ ᠤᠷᠤᠭᠯᠠᠭᠠᠳᠦᠢ᠂ ᠤᠷᠤᠭᠯᠠᠭᠰᠠᠨ᠂ ᠤᠷᠤᠭ ᠰᠠᠯᠤᠭᠰᠠᠨ᠂ ᠬᠤᠯᠪᠤᠰᠤ ᠪᠠᠨ ᠠᠯᠳᠠᠭᠰᠠᠨ ᠵᠡᠷᠭᠡ ᠪᠠᠷ ᠰᠢᠯᠳᠠᠭ ᠪᠤᠯᠭᠠᠨ ᠡᠮᠡᠭᠲᠠᠶᠢᠴᠦᠳ ᠤᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠠᠬᠢ ᠡᠯ᠎ᠡ ᠵᠦᠢᠯ ᠤᠨ ᠡᠷᠭᠡ ᠠᠰᠢᠭ ᠢ ᠬᠤᠬᠢᠷᠠᠭᠤᠯᠤᠭᠰᠠᠨ ᠪᠤᠶᠤ ᠬᠤᠷᠢᠮᠯᠠᠬᠤ ᠶᠢᠨ ᠬᠠᠷᠠᠭ᠎ᠠ ᠪᠠᠷ ᠡᠷᠡᠭᠲᠠᠢ ᠶᠢᠨ ᠲᠠᠯ᠎ᠠ ᠨᠢ ᠡᠮᠡᠭᠲᠠᠢ ᠶᠢᠨ ᠰᠠᠭᠤᠭ᠎ᠠ ᠭᠠᠵᠠᠷ ᠲᠤ ᠡᠷᠦᠭᠡ ᠠᠮᠠ ᠤᠷᠤᠭᠰᠠᠨ ᠠᠴᠠ ᠪᠤᠯᠵᠦ ᠡᠷᠡᠭᠲᠠᠢ ᠶᠢᠨ ᠲᠠᠯ᠎ᠠ ᠪᠤᠯᠤᠨ ᠦᠷ᠎ᠡ ᠭᠡᠤᠭᠡᠳ ᠤᠨ ᠰᠠᠭᠤᠭ᠎ᠠ ᠭᠠᠵᠠᠷ ᠤᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠯᠦᠭᠡ ᠠᠳᠠᠯᠢ ᠲᠡᠭᠰᠢ ᠡᠷᠭᠡ ᠠᠰᠢᠭ ᠡᠳ᠋ᠯᠡᠬᠦ ᠶᠢ ᠬᠤᠬᠢᠷᠠᠭᠤᠯᠤᠭᠰᠠᠨ ᠪᠠᠶᠢᠪᠠᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠬᠠᠤᠯᠢ ᠶᠤᠰᠤᠭᠠᠷ ᠡᠶᠡᠳᠡᠬᠦᠯᠦᠨ᠎ᠡ᠃ ᠬᠦᠨᠦᠭᠡᠯ ᠠᠮᠰᠠᠭᠰᠠᠨ ᠬᠦᠮᠦᠨ ᠬᠠᠤᠯᠢ ᠶᠤᠰᠤᠭᠠᠷ ᠬᠦᠳᠡᠭᠡ ᠲᠤᠰᠬᠤᠨ ᠤ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠳᠤ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠦ ᠪᠠᠰᠠ ᠪᠤᠯᠤᠨ᠎ᠠ᠂ ᠡᠰᠡᠬᠦᠯ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ᠂ ᠠᠷᠠᠳ ᠤᠨ ᠰᠢᠬᠦᠬᠦ ᠬᠤᠷᠢᠶ᠎ᠡ ᠬᠠᠤᠯᠢ ᠶᠤᠰᠤᠭᠠᠷ ᠬᠦᠯᠢᠶᠡᠨ ᠠᠪᠴᠦ  ᠰᠢᠢᠳᠪᠤᠷᠢᠯᠡᠬᠦ ᠬᠡᠷᠡᠭᠲᠠᠢ᠃      ᠲᠠᠪᠢᠨ ᠵᠢᠷᠭᠤᠳᠤᠭᠠᠷ ᠵᠦᠢᠯ᠂ ᠲᠤᠰ ᠬᠠᠤᠯᠢ ᠶᠢᠨ ᠲᠤᠭᠳᠠᠭᠠᠯ ᠢ ᠵᠦᠷᠢᠴᠡᠨ᠂ ᠡᠮᠡᠭᠲᠠᠶᠢᠴᠦᠳ ᠤᠨ ᠬᠠᠤᠯᠢ ᠶᠤᠰᠤᠨ ᠤ ᠡᠷᠭᠡ ᠠᠰᠢᠭ ᠢ ᠬᠤᠬᠢᠷᠠᠭᠤᠯᠤᠭᠰᠠᠨ ᠶᠠᠪᠤᠳᠠᠯ ᠢ ᠪᠤᠰᠤᠳ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠵᠠᠰᠠᠭ ᠵᠠᠬᠢᠷᠭᠠᠨ ᠤ ᠰᠢᠳᠭᠡᠯ ᠦᠭᠬᠦ ᠪᠠᠷ ᠲᠤᠭᠳᠠᠭᠠᠭᠰᠠᠨ ᠪᠠᠶᠢᠪᠠᠯ ᠲᠡᠷᠡ ᠲᠤᠭᠳᠠᠭᠠᠯ ᠢ ᠵᠢᠷᠦᠮᠯᠠᠨ᠎ᠠ᠃ ᠡᠳ᠋ ᠬᠦᠷᠦᠩᠭᠡ ᠶᠢᠨ ᠬᠤᠬᠢᠷᠠᠯ ᠪᠤᠶᠤ ᠪᠤᠰᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃      ᠲᠠᠪᠢᠨ ᠲᠤᠯᠤᠳᠤᠭᠠᠷ ᠵᠦᠢᠯ᠂ ᠲᠤᠰ ᠬᠠᠤᠯᠢ ᠶᠢᠨ ᠲᠤᠭᠳᠠᠭᠠᠯ ᠢ ᠵᠦᠷᠢᠴᠡᠨ᠂ ᠡᠮᠡᠭᠲᠠᠶᠢᠴᠦᠳ ᠤᠨ ᠡᠷᠭᠡ ᠠᠰᠢᠭ ᠢ ᠬᠤᠬᠢᠷᠠᠭᠤᠯᠤᠭᠰᠠᠨ ᠶᠠᠪᠤᠳᠠᠯ ᠤᠨ ᠲᠤᠬᠠᠢ ᠭᠤᠮᠤᠳᠠᠯ ᠲᠤᠭᠠᠴᠢᠯᠳᠠ᠂ ᠵᠠᠭᠠᠯᠳᠤᠯᠭ᠎ᠠ᠂ ᠢᠯᠡᠴᠢᠯᠡᠯᠳᠡ ᠶᠢ ᠬᠠᠷᠢᠯᠴᠠᠨ ᠲᠦᠯᠬᠢᠯᠴᠡᠵᠦ᠂ ᠰᠢᠢᠳᠪᠤᠷᠢᠯᠡᠬᠦ ᠦᠭᠡᠢ ᠤᠳᠠᠭᠠᠰᠢᠷᠠᠭᠤᠯᠵᠦ᠂ ᠲᠠᠷᠤᠭᠠᠳ ᠪᠠᠶᠢᠴᠠᠭᠠᠨ ᠰᠢᠢᠳᠪᠤᠷᠢᠯᠡᠵᠦ ᠦᠭᠬᠦᠭᠰᠡᠨ ᠦᠭᠡᠢ᠂ ᠡᠰᠡᠬᠦᠯ᠎ᠡ ᠭᠤᠮᠤᠳᠠᠯ ᠲᠤᠭᠠᠴᠢᠭᠰᠠᠨ᠂ ᠵᠠᠭᠠᠯᠳᠤᠭᠰᠠᠨ᠂ ᠢᠯᠡᠴᠢᠯᠡᠭᠰᠡᠨ ᠬᠦᠮᠦᠨ ᠳᠤ ᠦᠰᠢᠶ᠎ᠡ ᠪᠤᠳᠤᠵᠦ ᠬᠠᠷᠢᠭᠤ ᠴᠤᠬᠢᠯᠳᠠ ᠦᠭᠬᠦᠭᠰᠡᠨ ᠪᠠᠶᠢᠪᠠᠯ᠂ ᠲᠡᠬᠦᠨ ᠤ ᠪᠠᠶᠢᠭ᠎ᠠ ᠨᠢᠭᠡᠴᠡ᠂ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠲᠡᠭᠡᠳᠦ  ᠱᠠᠳᠤᠨ ᠤ ᠪᠠᠶᠢᠭᠤᠯᠭ᠎ᠠ ᠨᠢ ᠵᠠᠷᠯᠢᠭᠳᠠᠵᠦ ᠪᠠᠶᠢᠭᠠᠳ ᠵᠠᠯᠠᠷᠠᠭᠤᠯᠤᠭᠤᠯᠬᠤ ᠪᠦᠭᠡᠳ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ ᠲᠦᠷᠦ ᠶᠢᠨ ᠪᠠᠶᠢᠭᠤᠯᠭ᠎ᠠ ᠵᠢᠴᠢ ᠲᠡᠬᠦᠨ ᠤ ᠠᠵᠢᠯᠳᠠᠨ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ᠂ ᠡᠮᠡᠭᠲᠠᠶᠢᠴᠦᠳ ᠤᠨ ᠡᠷᠭᠡ ᠠᠰᠢᠭ ᠢ ᠬᠤᠬᠢᠷᠠᠭᠤᠯᠤᠭᠰᠠᠨ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠭᠰᠠᠨ ᠦᠭᠡᠢ ᠪᠤᠶᠤ ᠬᠦᠨᠦᠭᠡᠯ ᠠᠮᠰᠠᠭᠰᠠᠨ ᠡᠮᠡᠭᠲᠠᠶᠢᠴᠦᠳ ᠲᠤ ᠴᠢᠬᠤᠯᠠ ᠪᠦᠬᠦᠢ ᠬᠠᠪᠰᠤᠷᠤᠯᠭ᠎ᠠ ᠦᠵᠡᠬᠦᠯᠦᠭᠰᠡᠨ ᠦᠭᠡᠢ ᠠᠴᠠ ᠪᠤᠯᠵᠦ ᠬᠦᠨᠳᠦ ᠨᠤᠴᠢᠲᠠᠢ ᠤᠷᠰᠢᠭ ᠲᠠᠳᠠᠭᠰᠠᠨ ᠪᠠᠶᠢᠪᠠᠯ᠂ ᠲᠡᠬᠦᠨ ᠤ ᠪᠠᠶᠢᠭ᠎ᠠ ᠨᠢᠭᠡᠴᠡ ᠪᠤᠶᠤ ᠲᠡᠭᠡᠳᠦ ᠱᠠᠳᠤᠨ ᠤ ᠪᠠᠶᠢᠭᠤᠯᠭ᠎ᠠ ᠠᠴᠠ ᠬᠠᠤᠯᠢ ᠶᠤᠰᠤᠭᠠᠷ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ ᠲᠤᠰ ᠬᠠᠤᠯᠢ ᠶᠢᠨ ᠲᠤᠭᠳᠠᠭᠠᠯ ᠢ ᠵᠦᠷᠢᠴᠡᠨ᠂ ᠡᠮᠡᠭᠲᠠᠶᠢᠴᠦᠳ ᠤᠨ ᠰᠤᠶᠤᠯ ᠰᠤᠷᠭᠠᠨ ᠬᠦᠮᠦᠵᠢᠯ ᠤᠨ ᠡᠷᠭᠡ ᠠᠰᠢᠭ᠂ ᠬᠦᠳᠡᠯᠮᠤᠷᠢ ᠪᠤᠯᠤᠨ ᠨᠡᠶᠢᠭᠡᠮ ᠤᠨ ᠪᠠᠳᠤᠯᠠᠭ᠎ᠠ ᠶᠢᠨ ᠡᠷᠭᠡ ᠠᠰᠢᠭ᠂ ᠬᠦᠮᠦᠨ ᠤ ᠪᠡᠶ᠎ᠡ ᠪᠤᠯᠤᠨ ᠡᠳ᠋ ᠬᠦᠷᠦᠩᠭᠡ ᠶᠢᠨ ᠡᠷᠭᠡ ᠠᠰᠢᠭ ᠵᠢᠴᠢ ᠤᠷᠤᠭ ᠭᠡᠷ ᠪᠦᠯᠢ ᠶᠢᠨ ᠡᠷᠭᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠲᠡᠬᠦᠨ ᠤ ᠪᠠᠶᠢᠭ᠎ᠠ ᠨᠢᠭᠡᠴᠡ᠂ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠲᠡᠭᠡᠳᠦ ᠱᠠᠳᠤᠨ ᠤ ᠪᠠᠶᠢᠭᠤᠯᠭ᠎ᠠ ᠠᠴᠠ ᠵᠠᠷᠯᠢᠭᠳᠠᠵᠦ ᠪᠠᠶᠢᠭᠠᠳ ᠵᠠᠯᠠᠷᠠᠭᠤᠯᠤᠭᠤᠯᠤᠨ᠎ᠠ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠨᠢ ᠲᠦᠷᠦ ᠶᠢᠨ ᠠᠵᠢᠯᠳᠠᠨ ᠪᠠᠶᠢᠪᠠᠯ᠂ ᠲᠡᠬᠦᠨ ᠤ ᠪᠠᠶᠢᠭ᠎ᠠ ᠨᠢᠭᠡᠴᠡ ᠪᠤᠶᠤ ᠲᠡᠭᠡᠳᠦ ᠱᠠᠳᠣᠨ ᠤ ᠪᠠᠶᠢᠭᠤᠯᠭ᠎ᠠ ᠠᠴᠠ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃      ᠲᠠᠪᠢᠨ ᠨᠠᠢᠮᠠᠳᠣᠭᠠᠷ ᠵᠦᠢᠯ᠂ ᠲᠤᠰ ᠬᠠᠤᠯᠢ ᠶᠢᠨ ᠲᠤᠭᠳᠠᠭᠠᠯ ᠢ ᠵᠦᠷᠢᠴᠡᠨ᠂ ᠡᠮᠡᠭᠲᠠᠶᠢᠴᠦᠳ ᠲᠤ ᠪᠡᠯᠭᠡ ᠶᠢᠨ ᠬᠠᠯᠳᠠᠯᠭ᠎ᠠ ᠪᠤᠶᠤ ᠭᠡᠷ ᠪᠦᠯᠢ ᠶᠢᠨ ᠬᠦᠴᠦᠷᠭᠡᠭᠯᠡᠯ ᠶᠠᠪᠤᠭᠤᠯᠤᠭᠠᠳ ᠠᠮᠤᠷ ᠢ ᠬᠠᠮᠠᠭᠠᠯᠠᠬᠤ ᠬᠠᠮᠢᠶᠠᠷᠤᠯᠳᠠ ᠶᠢ ᠵᠦᠷᠢᠴᠡᠭᠰᠡᠨ ᠠᠵᠢᠯᠯᠠᠭ᠎ᠠ ᠪᠤᠯᠵᠦ ᠪᠦᠷᠢᠯᠳᠦᠭᠰᠡᠨ ᠪᠠᠶᠢᠪᠠᠯ᠂ ᠬᠦᠨᠦᠭᠡᠯ ᠠᠮᠰᠠᠭᠰᠠᠨ ᠬᠦᠮᠦᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠬᠢᠭᠰᠡᠨ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠬᠦᠯᠬᠦ ᠪᠠᠷ ᠲᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠳᠤ ᠰᠠᠨᠠᠯ ᠢᠶᠠᠨ ᠲᠡᠪᠰᠢᠬᠦᠯᠵᠦ ᠪᠤᠯᠤᠨ᠎ᠠ᠂ ᠬᠠᠤᠯᠢ ᠶᠤᠰᠤᠭᠠᠷ ᠠᠷᠠᠳ ᠤᠨ ᠰᠢᠬᠦᠬᠦ ᠬᠤᠷᠢᠶᠠᠨ ᠳᠤ ᠢᠷᠭᠡᠨ ᠤ ᠬᠡᠷᠡᠭ ᠤᠨ ᠵᠠᠷᠭᠤ ᠬᠢᠭᠰᠡᠨ ᠴᠦ ᠪᠤᠯᠤᠨ᠎ᠠ᠃      ᠲᠠᠪᠢ ᠶᠢᠰᠦᠳᠤᠭᠡᠷ ᠵᠦᠢᠯ᠂ ᠲᠤᠰ ᠬᠠᠤᠯᠢ ᠶᠢᠨ ᠲᠤᠭᠳᠠᠭᠠᠯ ᠢ ᠵᠦᠷᠢᠴᠡᠨ᠂ ᠤᠯᠠᠨ ᠨᠡᠶᠢᠳᠡ ᠶᠢᠨ ᠵᠠᠭᠤᠴᠢᠯᠠᠭᠤᠷ ᠪᠤᠶᠤ ᠪᠤᠰᠤᠳ ᠬᠡᠯᠪᠡᠷᠢ ᠪᠠᠷ ᠲᠠᠮᠵᠢᠭᠤᠯᠤᠨ ᠡᠮᠡᠭᠲᠠᠶᠢᠴᠦᠳ ᠤᠨ ᠬᠦᠮᠦᠨ ᠤ ᠨᠡᠷ᠎ᠡ ᠬᠦᠨᠳᠦ ᠶᠢ ᠲᠤᠤᠷᠠᠰᠢᠶᠠᠨ ᠬᠤᠬᠢᠷᠠᠭᠤᠯᠤᠭᠰᠠᠨ ᠪᠠᠶᠢᠪᠠᠯ᠂ ᠰᠤᠶᠤᠯ᠂ ᠷᠠᠳᠢᠤ᠋ ᠨᠡᠪᠳᠡᠷᠡᠬᠦᠯᠭᠡ ᠺᠢᠨᠤ᠋ ᠲᠧᠯᠸᠢᠰ᠂ ᠰᠤᠨᠢᠨ ᠮᠡᠳᠡᠭᠡ ᠬᠡᠪᠯᠡᠯ ᠪᠤᠶᠤ ᠬᠤᠯᠪᠤᠭᠳᠠᠯ ᠪᠦᠬᠦᠢ ᠪᠤᠰᠤᠳ ᠰᠠᠯᠠᠭ᠎ᠠ ᠮᠦᠴᠢᠷ ᠤᠳ ᠲᠤᠰ ᠲᠤᠰ ᠤᠨ ᠢᠶᠠᠨ ᠡᠷᠭᠡ ᠲᠤᠰᠢᠶᠠᠯ ᠤᠨ ᠶᠤᠰᠤᠭᠠᠷ ᠵᠠᠷᠯᠢᠭᠳᠠᠵᠦ ᠪᠠᠶᠢᠭᠠᠳ ᠵᠠᠯᠠᠷᠠᠭᠤᠯᠤᠭᠤᠯᠬᠤ ᠪᠦᠭᠡᠳ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃      ᠶᠢᠰᠦᠳᠦᠭᠡᠷ ᠪᠦᠯᠦᠭ᠂ ᠲᠠᠭᠠᠯᠳᠤᠭᠤᠯᠤᠭᠰᠠᠨ ᠲᠦᠷᠢᠮ      ᠵᠢᠷᠠᠳᠤᠭᠠᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ‌‍ᠤᠨ ᠲᠦᠯᠦᠭᠡᠯᠡᠭᠴᠢᠳ‌‍ᠤᠨ ᠶᠡᠭᠡ ᠬᠤᠷᠠᠯ ᠤᠨ ᠪᠠᠶᠢᠩᠭᠤ‌‍ᠶᠢᠨ ᠬᠤᠷᠢᠶ᠎ᠠ ᠲᠤᠰ ᠬᠠᠤᠯᠢ ᠶᠢ ᠦᠨᠳᠦᠰᠦᠯᠡᠨ ᠬᠡᠷᠡᠭᠵᠢᠬᠦᠯᠬᠦ ᠠᠷᠭ᠎ᠠ ᠲᠤᠭᠳᠠᠭᠠᠵᠦ ᠪᠤᠯᠤᠨ᠎ᠠ᠃ ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠤ ᠠᠷᠠᠳ ᠤᠨ ᠲᠦᠯᠦᠭᠡᠯᠡᠭᠴᠢᠳ‌‍ᠤᠨ ᠶᠡᠭᠡ ᠬᠤᠷᠠᠯ ᠲᠤᠰ ᠬᠠᠤᠯᠢ ᠳᠤ ᠲᠤᠭᠳᠠᠭᠠᠭᠰᠠᠨ ᠵᠠᠷᠴᠢᠮ ᠢ ᠦᠨᠳᠦᠰᠦᠯᠡᠵᠦ᠂ ᠲᠤᠬᠠᠢ‌‍ᠶᠢᠨ ᠭᠠᠵᠠᠷ ᠤᠨ ᠦᠨᠳᠦᠰᠦᠳᠡᠨ ᠤ ᠡᠮᠡᠭᠲᠠᠶᠢᠴᠦᠳ‌‍ᠤᠨ ᠪᠤᠳᠠᠳᠦ ᠪᠠᠶᠢᠳᠠᠯ ᠲᠠᠢ ᠪᠠᠨ ᠤᠶᠠᠯᠳᠤᠭᠤᠯᠤᠨ ᠵᠤᠬᠢᠴᠠᠭᠤᠯᠤᠭᠰᠠᠨ ᠪᠤᠶᠤ ᠨᠦᠬᠦᠪᠤᠷᠢᠯᠡᠭᠰᠡᠨ ᠲᠤᠭᠳᠠᠭᠠᠯ ᠲᠤᠭᠳᠠᠭᠠᠵᠦ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠲᠤᠭᠳᠠᠭᠠᠯ ᠨᠢ ᠪᠦᠬᠦ ᠤᠯᠤᠰ ᠤᠨ ᠠᠷᠠᠳ‌‍ᠤᠨ ᠲᠦᠯᠦᠭᠡᠯᠡᠭᠴᠢᠳ ᠤᠨ ᠶᠡᠭᠡ ᠬᠤᠷᠠᠯ‌‍ᠤᠨ ᠪᠠᠶᠢᠩᠭᠤ ᠶᠢᠨ ᠬᠤᠷᠢᠶ᠎ᠡ ᠳᠤ ᠮᠡᠳᠡᠬᠦᠯᠵᠦ ᠵᠦᠪᠰᠢᠶᠡᠷᠡᠬᠦᠯᠦᠭᠰᠡᠨ ᠤ ᠲᠠᠷᠠᠭ᠎ᠠ ᠬᠦᠴᠦᠨ ᠲᠠᠢ ᠪᠤᠯᠤᠨ᠎ᠠ᠃ ᠦᠪᠡᠷᠳᠡᠭᠡᠨ ᠵᠠᠰᠠᠬᠤ ᠵᠸᠤ᠂ ᠦᠪᠡᠷᠳᠡᠭᠡᠨ ᠵᠠᠰᠠᠬᠤ ᠰᠢᠶᠠᠨ ᠤ ᠲᠤᠭᠳᠠᠭᠠᠯ ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ‌‍ᠶᠢᠨ ᠠᠷᠠᠳ‌‍ᠤᠨ ᠲᠦᠯᠦᠭᠡᠯᠡᠭᠴᠢᠳ‌‍ᠤᠨ ᠶᠡᠭᠡ ᠬᠤᠷᠠᠯ‌‍ᠤᠨ ᠪᠠᠶᠢᠩᠭᠤ ᠶᠢᠨ ᠬᠤᠷᠢᠶᠠᠨ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠲᠠᠷᠠᠭ᠎ᠠ ᠬᠦᠴᠦᠨ ᠲᠠᠢ ᠪᠤᠯᠤᠨ᠎ᠠ᠂ ᠡᠭᠨ ᠤ ᠬᠠᠮᠳᠦ ᠲᠡᠬᠦᠨ‌‍ᠢᠶ᠋ᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ‌‍ᠶᠢᠨ ᠬᠤᠷᠢᠶᠠᠨ ᠳᠤ ᠮᠡᠳᠡᠬᠦᠯᠦᠨ ᠲᠠᠩᠰᠠᠯᠠᠭᠤᠯᠤᠨ᠎ᠠ᠃      ᠵᠢᠷᠠᠨ ᠨᠢᠭᠡᠳᠦᠭᠡᠷ ᠵᠦᠢᠯ᠂ ᠲᠤᠰ ᠬᠠᠤᠯᠢ ᠶᠢ 1992 ᠤᠨ ᠤ 10 ᠰᠠᠷ᠎ᠡ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号