5·18 ᠣᠯᠠᠨ ᠤᠯᠤᠰ ᠤᠨ ᠮᠦᠽᠧᠶ ᠶᠢᠨ ᠡᠳᠦᠷ ᠤᠨ ᠥᠪᠥᠷ ᠮᠣᠩᠭᠤᠯ ᠤᠨ ᠦᠬᠠᠶ ᠶᠢᠨ ᠬᠤᠪᠢᠶᠠᠷᠢ ᠬᠤᠷᠠᠯ ᠤᠨ ᠲᠠᠯᠠᠪᠠᠶ ᠶᠢᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/5/21
     5 ᠰᠠᠷ᠎ᠠ ᠶᠢᠨ 18 ᠤ ᠡᠳᠦᠷ ᠪᠣᠯ 48 ᠳ᠋ᠤᠭᠠᠷ ᠣᠯᠠᠨ ᠤᠯᠤᠰ ᠤᠨ ᠮᠦᠽᠧᠶ ᠶᠢᠨ ᠡᠳᠦᠷ ᠪᠣᠯᠤᠨ᠎ᠠ᠃ ᠲᠤᠬᠠᠶ ᠶᠢᠨ ᠡᠳᠦᠷ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠠᠴᠠ ᠳᠠᠭᠠᠭᠠᠴᠢᠯᠠᠨ ᠡᠷᠭᠢᠯᠡᠭᠰᠡᠨ ︽5·18 ᠣᠯᠠᠨ ᠤᠯᠤᠰ ᠤᠨ ᠮᠦᠽᠧᠶ ᠶᠢᠨ ᠡᠳᠦᠷ︾ ᠤᠨ ᠥᠪᠥᠷ ᠮᠣᠩᠭᠤᠯ ᠤᠨ ᠬᠤᠪᠢᠶᠠᠷᠢ ᠬᠤᠷᠠᠯ ᠤᠨ ᠲᠠᠯᠠᠪᠠᠶ ᠶᠢᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠲᠠ ᠶᠢᠨ ᠮᠦᠽᠧᠶ ᠳᠤ ᠶᠠᠪᠤᠭᠳᠠᠪᠠ᠃      ᠠᠵᠢᠯᠯᠠᠭ᠎ᠠ ᠶᠢᠨ ᠳᠤᠮᠳᠠ᠂ ᠬᠤᠲᠠ ᠶᠢᠨ ᠮᠦᠽᠧᠶ ︽ᠮᠦᠽᠧᠶ ᠪᠠᠷ ᠰᠤᠷᠭᠠᠨ ᠬᠥᠮᠦᠵᠢᠭᠦᠯᠬᠦ ᠪᠠ ᠰᠣᠳᠣᠯᠭᠠᠨ ᠭᠢᠬᠦ ᠳᠤ ᠬᠦᠴᠦᠨ ᠨᠡᠮᠡᠷᠢᠯᠡᠬᠦ︾ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ︽ᠬᠦᠪᠢᠬᠦᠷ ᠲᠡᠭᠡᠷ᠎ᠡ ᠵᠢᠷᠤᠭ ᠵᠢᠷᠤᠬᠤ︾ ︽ᠬᠠᠯᠠᠭᠠᠵᠤ ᠠᠪᠴᠢᠭᠤᠯᠤᠭᠰᠠᠨ ᠢᠯᠳᠠᠰᠣ ᠦᠢᠯᠡᠳᠬᠦ︾ ︽ᠬᠠᠳᠠᠨ ᠵᠢᠷᠤᠭ ᠢ ᠲᠠᠷᠣᠵᠣ ᠬᠡᠪᠯᠡᠬᠦ︾ ︽ᠬᠠᠭᠤᠴᠢ ᠰᠤᠳᠤᠯᠤᠯ ᠢ ᠠᠭᠤᠳᠠᠯᠯᠠᠬᠤ︾ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠶᠢ ᠲᠥᠰᠦᠪᠯᠡᠵᠦ᠂ ᠲᠣᠭᠤᠷᠢᠨ ᠦᠵᠡᠭᠴᠢᠳ ᠲᠤ ᠲᠡᠤᠬᠡ ᠶᠢᠨ ᠳᠤᠷᠠᠰᠬᠠᠯᠲᠤ ᠵᠦᠢᠯᠡᠰ ᠢ ᠰᠣᠨᠢᠷᠬᠠᠭᠤᠯᠬᠤ ᠶᠢᠨ ᠬᠠᠮᠲᠤ ᠪᠠᠰᠠ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠦᠪᠡᠷ ᠢᠶᠠᠨ ᠭᠠᠷ ᠬᠦᠳᠡᠯᠬᠦ ᠶᠢᠨ ᠲᠠᠭᠠᠤ ᠬᠦᠨᠵᠡᠭᠡᠢ ᠣᠶᠢᠯᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号