ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
     5 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢ ᠨᠠᠮ ᠠᠴᠠ ᠰᠤᠷᠭᠠᠨ ᠬᠥᠮᠦᠵᠢᠯ ᠤᠨ ᠠᠵᠢᠯ ᠢ ᠤᠳᠤᠷᠢᠳᠬᠤ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠵᠠᠯᠠᠭᠤᠴᠤᠳ ᠪᠠᠭᠠᠴᠤᠳ ᠤᠨ ︽ᠰᠠᠭᠤᠷᠢ ᠶᠢ ᠪᠠᠬᠢᠵᠢᠭᠦᠯᠬᠦ︾ ᠢᠨᠵᠧᠨᠧᠷᠢᠩ ᠵᠡᠷᠭᠡ ᠠᠵᠢᠯ ᠳᠤ ᠪᠦᠲᠦᠮᠵᠢᠲᠡᠶ ᠠᠭᠤᠰᠤᠯᠴᠠᠭᠤᠯᠬᠤ ᠶᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠱᠤᠭᠤᠵᠤ ᠬᠥᠮᠦᠨ ᠢ ᠬᠥᠮᠦᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ︽ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ︽ᠵᠢᠷᠭᠤᠭᠠᠨ ᠪᠠᠳᠠᠭ ᠦᠭᠡ ᠶᠢᠨ ᠪᠣᠳᠠᠲᠤ ᠶᠠᠪᠤᠳᠠᠯ ᠪᠣᠯᠤᠨ ᠶᠣᠰᠣ ᠤᠴᠢᠷ ᠢ ᠭᠦᠨᠵᠡᠭᠡᠢ ᠪᠥᠭᠡᠳ ᠨᠡᠪᠲᠡᠷᠬᠡᠢ ᠶᠠᠷᠢᠵᠤ᠂ ᠰᠢᠨ᠎ᠡ ᠴᠠᠭ ᠦᠶ᠎ᠡ ᠶᠢᠨ ᠦᠬᠠᠢ ᠶᠢᠨ ᠦᠯᠢᠭᠡᠷ ᠢ ᠰᠠᠶᠢᠲᠤᠷ ᠶᠠᠷᠢᠵᠤ᠂ ᠨᠠᠮ ᠢ ᠰᠠᠨᠠᠭ᠎ᠠ ᠠᠮᠤᠷ ᠪᠠᠶᠢᠯᠭᠠᠬᠤ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠨᠡᠩ ᠤᠯᠠᠨ ᠬᠥᠮᠦᠵᠢᠭᠦᠯᠬᠦ ᠪᠠᠷ ᠴᠢᠷᠮᠠᠶᠢᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠬᠠᠶ ᠶᠢᠨ ᠪᠣᠳᠠᠲᠠᠶ ᠳᠤ ᠰᠠᠭᠤᠷᠢᠯᠠᠨ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠵᠢᠭᠤᠯᠴᠢᠯᠠᠯ ᠤᠨ ᠡᠬᠢ ᠪᠠᠶᠠᠯᠢᠭ ᠤᠨ ᠳᠠᠯᠳᠠ ᠬᠦᠴᠦᠨ ᠢ ᠠᠭᠤᠳᠠᠯᠤᠨ᠂ ᠬᠡᠯᠪᠡᠷᠢ ᠶᠢᠨ ᠰᠢᠨ᠎ᠡ ᠶᠢ ᠡᠭᠦᠳᠬᠦ᠂ ᠠᠭᠤᠯᠭ᠎ᠠ ᠪᠠᠨ ᠵᠤᠵᠠᠭᠠᠳᠬᠠᠬᠤ ᠳᠡᠭᠡᠷ᠎ᠡ ᠬᠦᠴᠦ ᠲᠠᠯᠪᠢᠵᠤ᠂ ᠨᠠᠩ ᠥᠪᠡᠷᠮᠢᠴᠡ ᠣᠨᠴᠠᠯᠢᠭ ᠲᠠᠢ᠂ ᠨᠠᠩ ᠪᠡᠶᠡᠴᠢᠯᠡᠨ ᠣᠶᠢᠯᠠᠭᠠᠬᠤ ᠲᠥᠷᠥᠭᠳᠡᠯ ᠲᠠᠢ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠬᠡᠰᠡᠭ ᠣᠷᠣᠨ ᠢ ᠬᠦᠴᠦᠯᠡᠨ ᠪᠣᠶ ᠪᠣᠯᠭᠠᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠥᠪᠡᠷᠮᠢᠴᠡ ᠦᠵᠡᠮᠵᠢ ᠶᠢᠨ ᠳᠠᠪᠠᠭᠤᠯᠢᠭ ᠲᠠᠭᠠᠨ ᠲᠦᠰᠢᠭᠯᠡᠨ᠂ ᠣᠷᠣᠨ ᠪᠦᠰᠡ ᠶᠢᠨ ᠬᠠᠮᠲᠤᠷᠠᠯᠴᠠᠨ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠳᠤᠮᠳᠠᠳᠤ ᠤᠯᠤᠰ ᠤᠨ ᠡᠯᠡᠰᠦᠨ ᠴᠥᠯ ᠤᠨ ᠬᠡᠭᠡᠷᠡᠯᠡᠨ ᠠᠶᠠᠯᠠᠬᠤ ᠭᠠᠵᠠᠷ︾ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠦᠬᠠᠢ ᠨᠠᠭᠤᠷ ᠤᠨ ᠦᠵᠡᠮᠵᠢ ᠶᠢᠨ ᠣᠷᠣᠨ ᠤ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠨᠠᠷᠠᠲᠤ ᠲᠡᠮᠳᠡᠭᠲᠦ ᠶᠢᠨ ᠤᠬᠠᠮᠰᠠᠷ ᠢ ᠴᠢᠬᠤᠯᠠᠴᠢᠯᠠᠵᠤ᠂ ᠦᠬᠠᠶ ᠶᠢᠨ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠤᠨ ᠣᠨᠴᠠᠯᠢᠭ᠂ ᠨᠤᠲᠤᠭ ᠤᠨ ᠵᠠᠩ ᠠᠭᠠᠯᠢ ᠬᠥᠮᠦᠨ ᠤ ᠵᠠᠩ ᠠᠭᠠᠯᠢ᠂ ᠭᠠᠵᠠᠷ ᠣᠷᠣᠨ ᠤ ᠠᠮᠲᠠᠲᠤ ᠢᠳᠡᠭᠡᠨ ᠵᠡᠷᠭᠡ ᠣᠨᠴᠠᠯᠢᠭ ᠲᠠᠭᠠᠨ ᠠᠩᠬᠠᠷᠤᠯ ᠢᠶᠠᠨ ᠲᠥᠪᠯᠡᠷᠡᠭᠦᠯᠵᠦ᠂ ᠬᠤᠯᠠ ᠥᠢᠷ᠎ᠠ ᠶᠢ ᠬᠠᠮᠲᠤ ᠳᠤᠨᠢ ᠬᠠᠷᠠᠭᠠᠯᠵᠠᠭᠰᠠᠨ᠂ ᠣᠶᠢᠷ᠎ᠠ ᠬᠠᠪᠢ ᠪᠠᠨ ᠪᠠᠶᠠᠰᠬᠠᠭᠰᠠᠨ᠂ ᠦᠬᠠᠶ ᠶᠢᠨ ᠣᠨᠴᠠᠯᠢᠭ ᠲᠠᠢ ᠰᠣᠶᠣᠯ ᠵᠢᠭᠤᠯᠴᠢᠯᠠᠯ ᠤᠨ IP ᠶᠢ ᠪᠣᠶ ᠪᠣᠯᠭᠠᠬᠤ ᠬᠡᠷᠡᠭᠲᠡᠶ᠃ ᠰᠢ ᠶᠢᠨ ᠫᠢᠩ ᠶᠡᠷᠦᠩᠬᠡᠢ ᠱᠦᠵᠢ ᠶᠢᠨ ︽ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠶ᠎ᠡ︾ ᠭᠡᠬᠦ ᠴᠢᠬᠤᠯᠠ ᠵᠣᠬᠢᠶᠠᠯ ᠢ ᠰᠤᠷᠤᠯᠴᠠᠨ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠬᠦᠴᠦ ᠪᠠᠨ ᠬᠠᠮᠳᠣᠳᠬᠠᠵᠤ᠂ ᠨᠡᠩ ᠤᠯᠠᠨ ᠪᠦᠲᠦᠭᠡᠯᠴᠢ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠥᠯᠥᠪᠵᠢᠭᠦᠯᠵᠦ᠂ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠨ ᠮᠠᠨ ᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠢ ᠡᠷᠬᠡᠪᠰᠢ ᠴᠢᠬᠤᠯᠠ ᠪᠠᠶᠢᠷᠢᠨ ᠳᠤ ᠲᠠᠯᠪᠢᠵᠤ᠂ ᠠᠶᠤᠯ ᠲᠦᠭᠰᠢᠭᠦᠷᠢ ᠶᠢᠨ ᠤᠬᠠᠮᠰᠠᠷ ᠪᠣᠯᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠪᠠ ᠠᠮᠤᠷ ᠲᠦᠪᠰᠢᠨ ᠢ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠡᠷᠡᠰ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ᠂ ᠭᠤᠣᠯᠳᠠᠯᠭ᠎ᠠ ᠲᠠᠢ ᠴᠢᠭ᠂ ᠴᠢᠬᠤᠯᠠ ᠲᠠᠯᠠᠪᠤᠷ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠰᠠᠭᠤᠳᠠᠯ ᠤᠨ ᠭᠡᠮ ᠰᠣᠭᠤᠭ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠠᠭᠤᠷᠬᠠᠶ ᠶᠢᠨ ᠠᠮᠤᠷ ᠲᠦᠪᠰᠢᠨ ᠢ ᠲᠣᠪᠤᠶᠢᠮ᠎ᠠ ᠰᠠᠶᠢᠲᠤᠷ ᠠᠳᠬᠤᠵᠤ᠂ ᠵᠢᠷᠤᠮᠵᠢᠯ ᠤᠨ ᠪᠠᠷᠢᠮᠵᠢᠶ᠎ᠠ ᠪᠣᠯᠤᠨ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠶ᠃ ᠠᠶᠤᠯᠲᠠᠶ ᠬᠢᠮᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ᠂ ᠡᠳ᠋ ᠪᠣᠳᠠᠰ ᠤᠨ ᠨᠥᠭᠡᠴᠡ᠂ ᠪᠡᠯᠡᠳᠬᠡᠯ ᠲᠥᠰᠦᠯ ᠤᠨ ᠰᠣᠷᠢᠯᠲᠠ ᠵᠡᠷᠭᠡ ᠠᠵᠢᠯ ᠢᠶᠠᠨ ᠰᠠᠶᠢᠲᠤᠷ ᠬᠢᠵᠦ᠂ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠳᠡᠶᠢᠯᠦᠩᠭᠦᠢ ᠪᠠᠶᠢᠷᠢᠨ ᠳᠤ ᠲᠠᠯᠪᠢᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ᠃ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠭᠦᠨᠵᠡᠭᠡᠶ ᠲᠤᠩᠭᠠᠨ ᠪᠣᠳᠣᠯᠬᠢᠯᠠᠵᠤ᠂ ᠨᠠᠷᠢᠨ ᠬᠢᠨᠠᠮᠠᠭᠠᠶ ᠬᠠᠨᠳᠤᠵᠤ᠂ ᠠᠰᠠᠭᠤᠳᠠᠯ ᠤᠨ ᠡᠭᠦᠰᠦᠭᠰᠡᠨ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠵᠤ᠂ ᠡᠷᠡᠰ ᠰᠢᠭᠤᠷᠬᠠᠶ ᠣᠪᠣᠷ ᠪᠠ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠠᠬᠢᠭᠤᠯᠵᠤ᠂ ᠥᠭᠡᠷᠡᠴᠢᠯᠡᠬᠦ ᠶᠢᠨ ᠳᠠᠭᠠᠤ ᠵᠥᠷᠢᠴᠡᠭᠰᠡᠨ᠂ ᠣᠯᠠᠨᠲᠠ ᠥᠭᠡᠷᠡᠴᠢᠯᠡᠵᠦ ᠣᠯᠠᠨᠲᠠ ᠵᠥᠷᠢᠴᠡᠭᠰᠡᠨ ᠢ ᠡᠷᠡᠰ ᠬᠤᠷᠢᠭᠯᠠᠬᠤ ᠬᠡᠷᠡᠭᠲᠡᠶ᠃ ᠠᠰᠠᠭᠤᠳᠠᠯ ᠢ ᠮᠦᠷᠳᠡᠨ ᠲᠠᠭᠠᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠴᠠᠭ ᠤᠨ ᠬᠢᠵᠠᠭᠠᠷ ᠤᠨ ᠱᠠᠭᠠᠷᠳᠠᠯᠭ᠎ᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠦᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠲᠦᠰᠦᠭᠡᠳᠦ ᠴᠢᠨᠠᠷᠲᠠᠢ᠂ ᠬᠤᠯᠪᠣᠭᠳᠠᠯᠳᠤ ᠴᠢᠨᠠᠷᠲᠠᠢ᠂ ᠡᠭᠦᠰᠦᠮᠡᠯ ᠴᠢᠨᠠᠷᠲᠠᠢ ᠠᠰᠠᠭᠤᠳᠠᠯ ᠢ ᠰᠢᠰᠲ᠋ᠧᠮ ᠲᠠᠢ ᠡᠮᠬᠢᠯᠡᠨ ᠪᠠᠶᠢᠴᠠᠭᠠᠵᠤ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠪᠠ ᠭᠤᠣᠯᠳᠠᠯᠭ᠎ᠠ ᠲᠠᠢ ᠬᠦᠷᠢᠶᠡᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠦᠷ᠎ᠡ ᠪᠦᠲᠦᠮᠵᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠠᠶᠢᠭᠤᠯᠤᠮᠵᠢ ᠲᠣᠭᠲᠠᠴᠠ ᠪᠠᠨ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠵᠤ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠠᠴᠠ ᠳᠤᠲᠠᠭᠳᠠᠯ ᠭᠠᠷᠬᠤ ᠶᠢ ᠴᠢᠩᠭ᠎ᠠ ᠬᠤᠷᠢᠭᠯᠠᠵᠤ᠂ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠵᠦ᠂ ᠠᠮᠢ ᠠᠬᠤᠢ ᠣᠷᠴᠢᠨ ᠲᠣᠭᠤᠷᠢᠨ ᠤ ᠦᠨᠳᠦᠰᠦᠨ ᠴᠢᠨᠠᠷᠲᠠᠢ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠬᠠᠢ ᠬᠤᠳᠠ ᠶᠢᠨ ᠤᠰᠤᠨ ᠠᠰᠢᠬᠯᠠᠯᠲᠠ ᠶᠢᠨ ᠲᠣᠣᠷ ᠤᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠬᠢᠨᠠᠨ ᠵᠥᠪᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号