ᠹᠧᠩ ᠰᠢᠤᠸᠠᠢ ᠲᠤᠤ ᠪᠦᠯᠬᠦᠮ ᠳᠠᠭᠠᠭᠤᠯᠤᠨ ᠬᠠᠶᠢᠨᠠᠨ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠦᠷᠨᠢᠬᠦᠯᠦᠭᠰᠡᠨ ᠪᠠᠶᠢᠳᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/5/22
     5 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠪᠦᠯᠬᠦᠮ ᠳᠠᠭᠠᠭᠤᠯᠤᠨ ᠬᠠᠶᠢᠨᠠᠨ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠧᠶ ᠠᠶ ᠯᠢᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤᠨ ᠤ ᠰᠧ ᠰᠢᠨ ᠲᠣᠰᠬᠤᠨ ᠳᠤ᠂ ᠹᠧᠩ ᠰᠢᠤᠸᠠᠢ ᠲᠤᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠪᠢᠴᠢᠭ ᠮᠠᠲ᠋ᠧᠷᠢᠶᠠᠯ ᠬᠤᠷᠢᠶᠠᠵᠤ ᠬᠤᠷᠠᠯ ᠳᠤ ᠣᠷᠣᠯᠴᠠᠭᠰᠠᠨ᠂ ᠲᠤᠭ᠎ᠠ ᠪᠦᠷᠢᠳᠬᠡᠯ ᠤᠨ ᠮᠡᠳᠡᠭᠦᠯᠦᠯᠲᠡ ᠶᠢᠨ ᠬᠦᠰᠦᠨᠦᠭᠲᠦ ᠵᠡᠷᠭᠡ ᠪᠠᠶᠢᠳᠠᠯ ᠢ ᠨᠢ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠭᠤᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠬᠠᠷᠭᠤᠭᠤᠯᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠡᠩ ᠪᠣᠳᠠᠲᠠᠢ ᠶᠢ ᠡᠷᠭᠢᠮᠯᠡᠭᠰᠡᠨ ᠰᠤᠷᠲᠠᠯ ᠢᠶᠠᠷ ᠦᠨᠳᠦᠰᠦᠨ ᠱᠠᠲᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠵᠢᠱᠢᠭᠰᠡᠨ ᠦᠷ᠎ᠡ ᠪᠦᠲᠦᠮᠵᠢ ᠪᠠᠨ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠲᠦᠭᠵᠢᠷᠡᠯ ᠤᠨ ᠠᠰᠠᠭᠤᠳᠠᠯ᠂ ᠦᠨᠳᠦᠰᠦᠨ ᠱᠠᠲᠤᠨ ᠤ ᠲᠤᠰᠬᠠᠯ ᠴᠢᠩᠭ᠎ᠠ ᠪᠠᠶᠢᠭ᠎ᠠ ᠡᠪᠡᠷᠰᠢᠶᠡᠯ ᠲᠠᠢ ᠠᠰᠠᠭᠤᠳᠠᠯ᠂ ᠣᠯᠠᠨ ᠲᠦᠮᠡᠨ ᠤ ᠬᠦᠰᠡᠯ ᠡᠷᠡᠮᠡᠯᠵᠡᠯ ᠤᠨ ᠰᠢᠢᠳᠪᠤᠷᠢᠯᠡᠭᠰᠡᠨ ᠬᠦᠴᠢᠷ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠦᠨᠳᠦᠰᠦ ᠰᠤᠷᠪᠤᠯᠵᠢ ᠶᠢ ᠭᠦᠨᠵᠡᠭᠡᠶ ᠠᠭᠤᠳᠠᠯᠬᠤ ᠳᠡᠭᠡᠷ᠎ᠡ ᠬᠦᠴᠦ ᠲᠠᠯᠪᠢᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠲᠠᠯ᠎ᠠ ᠪᠠᠷ ᠦᠨᠡᠨ ᠪᠣᠳᠠᠲᠠᠶ ᠬᠢᠵᠦ᠂ ᠲᠦᠷᠢᠮ ᠲᠣᠭᠲᠠᠭᠠᠯ ᠲᠣᠭᠲᠠᠭᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢᠨ ︽ᠣᠨᠠᠭ᠎ᠠ ᠶᠢ ᠲᠡᠷᠭᠡᠨ ᠳᠤ ᠬᠦᠯᠦᠭᠰᠡᠨ︾ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠪᠤᠳᠠᠯ᠂ ᠲᠣᠭᠲᠠᠴᠠ ᠫᠠᠶᠢᠰᠠ ᠪᠠ ᠭᠡᠷᠡᠴᠢᠯᠡᠬᠦ ᠵᠦᠢᠯᠡᠰ ᠢᠶᠠᠨ ᠦᠷᠭᠦᠯᠵᠢᠯᠡᠨ ᠵᠢᠷᠤᠮᠵᠢᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠭᠠᠷᠭᠠᠵᠤ ᠪᠠᠶᠢᠭᠠᠳ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ  ᠨᠢ ᠰᠢᠢᠳᠪᠦᠷᠢᠯᠡᠵᠦ᠂ ᠦᠨᠳᠦᠰᠦᠨ ᠱᠠᠲᠤᠨ ᠤ ᠺᠠᠳ᠋ᠷ ᠤᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠡᠢ᠃      ᠭᠤᠸᠠᠩ ᠶᠢᠨ ᠰᠢᠨ᠎ᠡ ᠮᠠᠲ᠋ᠧᠷᠢᠶᠠᠯ ᠤᠨ ᠵᠢᠯ ᠳᠤ 30 ᠲᠦᠮᠡᠨ ᠲᠣᠨ ᠦᠢᠯᠡᠳᠪᠦᠷᠢᠯᠡᠬᠦ ᠵᠠᠳᠠᠷᠠᠵᠤ ᠪᠣᠯᠬᠤ ᠰᠦᠯᠢᠶᠣᠣ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠹᠧᠩ ᠰᠢᠤᠸᠠᠢ ᠲᠤᠤ ᠲᠥᠯᠥᠪᠵᠢᠭᠦᠯᠭᠡ ᠵᠢᠷᠤᠭ ᠲᠥᠯᠥᠪᠯᠡᠭᠡ ᠶᠢ ᠨᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠵᠣᠬᠢᠴᠠᠭᠤᠯᠤᠨ ᠳᠡᠮᠵᠢᠬᠦ ᠴᠢᠬᠤᠯᠠᠲᠠᠶ ᠵᠦᠢᠯᠡᠰ ᠢ ᠨᠢ ᠣᠶᠢᠯᠠᠭᠠᠪᠠ᠃ ᠲᠡᠷᠡ ᠬᠡᠯᠡᠭᠰᠡᠨ ᠨᠢ᠂ ᠣᠳᠣᠬᠠᠨ ᠳᠤ ᠮᠠᠨ ᠤ ᠬᠤᠲᠠ ᠶᠠᠭ ︽ᠬᠤᠶᠠᠷ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠪᠠᠶᠢᠨ᠎ᠠ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠣᠰ ᠪᠡᠶ᠎ᠡ ᠶᠢᠨ ᠮᠡᠷᠭᠡᠵᠢᠯ ᠤᠨ ᠳᠠᠪᠠᠭᠤᠯᠢᠭ ᠢᠶᠠᠨ ᠮᠠᠨ ᠤ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ ᠲᠠᠢ ᠨᠢᠭᠲᠠ ᠤᠶᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ ᠬᠥᠭᠵᠢᠯᠲᠡ ᠶᠢ ᠭᠦᠨᠵᠡᠭᠡᠶ ᠠᠬᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠣᠯᠭᠤᠬᠤ ᠬᠡᠷᠡᠭᠲᠡᠶ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号