ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠶᠢᠨ ᠲᠥᠷᠥᠯ ᠵᠦᠢᠯ ᠢ ᠵᠢᠱᠢᠯᠲᠡ ᠪᠠᠷ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ
ᠨᠡᠶᠢᠲᠡᠯᠡᠭᠰᠡᠨ ᠴᠠᠭ᠄
2024/5/23
     ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠪᠠᠶᠢᠭᠤᠯᠵᠤ᠂ ᠵᠢᠱᠢᠯᠲᠡ ᠪᠠᠷ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ᠃      ᠰᠤᠷᠪᠤᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ  ᠤᠨ ᠨᠥᠭᠡᠴᠡ ᠶᠢᠨ ᠬᠥᠮᠥᠷᠭᠡ ᠶᠢᠨ ᠲᠦᠷᠦᠯ ᠵᠦᠢᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠭᠠᠯ ᠤᠨᠲᠠᠷᠠᠭᠠᠬᠤ ᠤᠰᠤᠨ ᠴᠥᠭᠦᠷᠥᠮ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠶᠠᠭ ᠬᠡᠷᠡᠮ ᠤᠨ ᠬᠡᠰᠡᠭ ᠵᠢᠴᠢ ᠴᠥᠭᠦᠷᠥᠮ ᠤᠨ ᠣᠷᠣᠢ ᠶᠢᠨ ᠬᠠᠪᠳᠠᠰᠣ ᠶᠢ ᠪᠣᠯᠣᠳ ᠪᠧᠲ᠋ᠣᠨ ᠢᠶᠠᠷ ᠴᠢᠳᠬᠤᠵᠤ ᠰᠡᠭᠦᠯ ᠬᠤᠷᠢᠶᠠᠬᠤ ᠠᠵᠢᠯ ᠥᠷᠨᠢᠭᠦᠯᠵᠦ ᠪᠠᠶᠢᠬᠤ ᠶᠢ ᠣᠯᠵᠣ ᠬᠠᠷᠠᠪᠠ᠃ ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠶᠡᠷᠦᠩᠬᠡᠢᠯᠡᠭᠰᠡᠨ ᠠᠯᠪᠠᠨ ᠭᠡᠷ ᠤᠨ ᠡᠷᠬᠢᠯᠡᠭᠴᠢ ᠯᠢ ᠽᠠᠢ ᠯᠢᠶᠠᠩ᠄ ︽ᠲᠣᠰ ᠲᠥᠷᠥᠯ ᠵᠦᠢᠯ ᠢ ᠨᠢᠳᠤᠨᠤᠨ ᠤ 6 ᠰᠠᠷ᠎ᠠ ᠳᠤ ᠡᠬᠢᠯᠡᠭᠦᠯᠵᠦ᠂ 12 ᠰᠠᠷ᠎ᠠ ᠳᠤ ᠭᠤᠤᠯ ᠴᠣᠭᠴᠠ ᠶᠢ ᠪᠠᠶᠢᠭᠤᠯᠵᠤ ᠳᠠᠭᠤᠰᠬᠠᠭᠰᠠᠨ ᠪᠥᠭᠡᠳ ᠰᠢᠯᠭᠠᠨ ᠠᠪᠬᠤ ᠳᠤ ᠬᠢᠷᠢ ᠲᠡᠩᠴᠡᠵᠦ᠂ ᠲᠥᠷᠥᠯ ᠵᠦᠢᠯ ᠤᠨ ᠪᠦᠬᠦᠯᠢ ᠴᠣᠭᠴᠠ ᠶᠢᠨ ᠠᠬᠢᠴᠠ ᠤᠷᠤᠭᠰᠢᠲᠠᠶ ᠪᠠᠶᠢᠵᠤ᠂ ᠵᠢᠱᠢᠯᠲᠡ ᠪᠠᠷ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ᠃ ᠪᠢᠳᠡ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠢ ᠥᠨᠳᠥᠷ ᠪᠦᠲᠦᠮᠵᠢᠲᠡᠶ ᠪᠠᠷ ᠵᠣᠬᠢᠶᠠᠨ ᠪᠠᠶᠢᠭᠤᠯᠵᠤ᠂ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠡᠷᠳᠡᠭᠡᠨ ᠳᠠᠭᠤᠰᠬᠠᠵᠤ᠂ ᠡᠷᠳᠡᠭᠡᠨ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ︾ ᠭᠡᠵᠦ ᠬᠡᠯᠡᠪᠡ᠃      ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠶᠢᠨ ᠲᠦᠷᠦᠯ ᠵᠦᠢᠯ ᠳᠤ 3000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 2000 ᠲᠡᠭᠰᠢ ᠳᠥᠷᠪᠡᠯᠵᠢᠨ ᠮᠧᠲᠷ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠨᠠᠯᠲᠠ ᠬᠠᠮᠢᠶᠠᠷᠤᠯᠲᠠ ᠪᠣᠯᠤᠨ ᠰᠢᠯᠵᠢᠭᠦᠯᠦᠨ ᠥᠭᠬᠦ ᠲᠠᠪᠴᠠᠩ ᠵᠢᠴᠢ ᠭᠡᠷ ᠤᠨ ᠭᠠᠳᠠᠨᠠᠬᠢ ᠤᠰᠤ ᠬᠠᠩᠭᠠᠬᠤ ᠤᠰᠤ ᠵᠠᠯᠠᠬᠤ᠂ ᠭᠠᠯ ᠤᠨᠲᠠᠷᠠᠭᠠᠬᠤ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢ ᠪᠠᠶᠢᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠬᠠᠶᠢᠷᠤᠪ ᠤᠨ ᠲᠣᠬᠤᠶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢᠨ ᠲᠥᠬᠦᠭᠡᠷᠦᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠬᠦ᠂ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠳᠤ ᠴᠢᠬᠤᠯᠠ ᠦᠢᠯᠡᠳᠦᠯ ᠲᠠᠢ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号